|
ᠸᠠᠩ ᠯᠢ ᠰᠢᠶᠠ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠢ ᠡᠷᠬᠢᠯᠡᠨ ᠬᠤᠷᠠᠯᠳᠤᠭᠤᠯᠵᠠᠢ |
|
|
ᠨᠡᠶᠢᠲᠡᠯᠡᠭᠰᠡᠨ ᠴᠠᠭ᠄
2023/1/18
|
|
1 ᠰᠠᠷ᠎ᠠ ᠶᠢᠨ 17 ᠤ ᠡᠳᠦᠷ᠂ ᠸᠠᠩ ᠯᠢ ᠰᠢᠶᠠ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠸᠠᠩ ᠯᠢ ᠰᠢᠶᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠡᠷᠭᠡᠭ ᠲᠠᠨᠢᠯᠲᠠ ᠲᠠᠢ ᠪᠠᠶᠢᠬᠤ ᠶᠢ ᠪᠠᠲᠤᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠲᠠᠪᠤᠨ ᠶᠠᠪᠤᠳᠠᠯ ᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ ᠳᠠᠯᠳᠠ ᠭᠡᠮ ᠤᠨ ᠵᠢᠭᠰᠠᠭᠠᠨ ᠪᠠᠶᠢᠴᠠᠭᠠᠯᠲᠠ ᠶᠢ ᠬᠦᠴᠦᠲᠡᠢ ᠠᠳᠬᠤᠵᠤ᠂ ᠠᠭᠤᠷᠬᠠᠢ᠂ ᠠᠶᠤᠯᠲᠠᠢ ᠬᠢᠮᠢ ᠶᠢᠨ ᠡᠳ᠋᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠢᠭᠤᠯᠴᠢᠯᠠᠯ ᠤᠨ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠪᠠᠶᠢᠳᠠᠯ ᠢ ᠭᠦᠨᠵᠡᠭᠡᠢ ᠣᠶᠢᠯᠠᠭᠠᠨ ᠵᠢᠭᠰᠠᠭᠠᠨ ᠪᠠᠶᠢᠴᠠᠭᠠᠬᠤ ᠬᠡᠷᠡᠭᠲᠡᠢ᠃ ᠬᠤᠶᠠᠷ ᠲᠤ ᠲᠤᠰᠬᠠᠢ ᠴᠡᠭᠴᠡᠯᠡᠨ ᠵᠠᠰᠠᠯᠲᠠ ᠶᠢ ᠬᠦᠴᠦᠲᠡᠢ ᠠᠳᠬᠤᠵᠤ᠂ ᠰᠤᠷᠭᠠᠮᠵᠢ ᠪᠠᠷ ᠵᠢᠭᠠᠬᠤ ᠮᠠᠲ᠋ᠧᠷᠢᠶᠠᠯ ᠪᠣᠯᠭᠠᠨ᠂ ᠳᠠᠯᠳᠠ ᠭᠡᠮ ᠢ ᠠᠳᠡᠯ ᠢᠶᠠᠷ ᠦᠵᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠴᠢᠩᠭᠠᠷᠠᠭᠤᠯᠤᠨ᠂ ᠳᠠᠯᠳᠠ ᠭᠡᠮ ᠢ ᠠᠷᠢᠯᠭᠠᠬᠤ ᠶᠠᠪᠤᠳᠠᠯ ᠢ ᠬᠦᠴᠦᠲᠡᠢ ᠠᠳᠬᠤᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠭᠤᠷᠪᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠦᠴᠦᠲᠡᠢ ᠠᠳᠬᠤᠵᠤ᠂ ︽ᠬᠠᠪᠰᠤᠷᠤᠯᠭ᠎ᠠ ᠪᠠᠶᠢᠭᠤᠯᠵᠤ ᠬᠠᠪᠰᠤᠷᠤᠨ ᠲᠡᠳᠬᠦᠬᠦ︾᠂ ᠱᠠᠯᠠᠪᠳᠠᠭᠤᠯᠤᠨ ᠬᠠᠪᠰᠤᠷᠬᠤ ᠶᠢ ᠤᠶᠠᠯᠳᠤᠭᠤᠯᠬᠤ ᠵᠡᠷᠭᠡ ᠠᠷᠭ᠎ᠠ ᠶᠢ ᠠᠪᠴᠤ᠂ ᠠᠵᠤ ᠠᠬᠤᠶᠢᠯᠠᠯ ᠢ ᠬᠠᠪᠰᠤᠷᠤᠨ ᠳᠠᠯᠳᠠ ᠭᠡᠮ ᠢ ᠨᠢ ᠠᠷᠢᠯᠭᠠᠨ᠂ ᠠᠮᠤᠷ ᠲᠦᠪᠰᠢᠨ ᠢ ᠨᠢ ᠪᠠᠲᠤᠯᠠᠵᠤ᠂ ᠬᠦᠴᠢᠷ ᠪᠡᠷᠬᠡ ᠶᠢ ᠲᠤᠭᠤᠯᠬᠤ ᠬᠡᠷᠡᠭᠲᠡᠢ᠃ ᠳᠥᠷᠪᠡ ᠳᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠬᠦᠴᠦᠲᠡᠢ ᠠᠳᠬᠤᠵᠤ᠂ ᠢᠯᠠᠩᠭᠤᠶ᠎ᠠ ᠶᠡᠭᠡ ᠬᠦᠴᠦ ᠣᠷᠣᠭᠤᠯᠵᠤ ᠪᠠᠶᠢᠭᠠᠳ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠢᠬᠤᠯᠠ ᠴᠠᠭ ᠦᠶ᠎ᠡ ᠳᠤ ᠴᠢᠭᠯᠡᠭᠦᠯᠦᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠪᠣᠯᠣᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠠᠪᠤ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠦᠨᠳᠦ ᠡᠪᠡᠳᠴᠢᠨ ᠢ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠠᠪᠤᠷᠠᠨ ᠵᠠᠰᠠᠵᠤ᠂ ᠠᠷᠭ᠎ᠠ ᠪᠥᠬᠦᠨ ᠢ ᠰᠦᠪᠡᠭᠴᠢᠯᠡᠵᠦ ᠪᠠᠶᠢᠭᠠᠳ ᠡᠷᠡᠭᠦᠯᠵᠢᠬᠦ ᠨᠣᠷᠮ᠎ᠠ ᠶᠢ ᠳᠡᠭᠡᠭᠰᠢᠯᠡᠭᠦᠯᠵᠦ᠂ ᠡᠪᠡᠳᠴᠢᠨ ᠢᠶᠠᠷ ᠨᠠᠰᠤ ᠪᠠᠷᠠᠬᠤ ᠨᠣᠷᠮ᠎ᠠ ᠶᠢ ᠪᠠᠭᠤᠷᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦ ᠪᠠᠷ ᠢᠶᠠᠨ ᠰᠠᠶᠢᠲᠤᠷ ᠬᠢᠵᠦ᠂ ᠲᠣᠭᠲᠠᠭᠤᠨ ᠢᠶᠠᠷ ᠱᠠᠲᠤ ᠦᠶ᠎ᠡ ᠰᠢᠯᠵᠢᠬᠦ ᠪᠠ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠤᠸᠠᠩ ᡁᠢ ᠴᠢᠶᠠᠩ ᠣᠷᠣᠯᠴᠠᠵᠠᠢ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|