ᠸᠠᠩ ᠯᠢ ᠰᠢᠶᠠ ᠲᠤᠭ᠎ᠠ ᠪᠦᠷᠢᠳᠬᠡᠯ ᠪᠣᠯᠣᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠬᠡᠯᠡᠭᠰᠡᠨ ᠨᠢ ᠠᠵᠢᠯ ᠎ ᠢᠶᠠᠨ ᠡᠬᠢᠯᠡᠭᠦᠯᠦᠮᠡᠭᠴᠡ ᠪᠤᠰᠢᠭᠤ ᠱᠠᠯᠠᠮᠠᠭᠠᠢ ᠰᠢᠭᠤᠷᠬᠠᠶᠢᠯᠠᠨ ᠠᠵᠢᠯᠯᠠᠬᠤ ᠬᠡᠷᠡᠭᠲᠡᠢ
ᠨᠡᠶᠢᠲᠡᠯᠡᠭᠰᠡᠨ ᠴᠠᠭ᠄
2023/1/29

      1 ᠰᠠᠷ᠎ᠠ ᠶᠢᠨ 28 ᠎ ᠤ ᠡᠳᠦᠷ ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠲᠦᠷᠦᠭᠦᠦ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠪᠠ ᠃ 


图二(首页).jpg

 

     

      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠂ ᠸᠠᠩ ᠯᠢ ᠰᠢᠶᠠ ᠲᠤᠭ᠎ᠠ ᠪᠦᠷᠢᠳᠬᠡᠯ ᠤᠨ ︽ ᠨᠢᠭᠡ ᠬᠠᠭᠤᠳᠠᠰᠤ ᠵᠢᠷᠤᠭ ᠤᠨ ᠬᠦᠰᠦᠨᠦᠭᠲᠦ ︾ ᠵᠡᠷᠭᠡ ᠬᠠᠮᠢᠶ᠎ᠠ ᠪᠦᠬᠦᠢ ᠠᠵᠢᠯ ᠢ ᠨᠠᠷᠢᠨ ᠣᠶᠢᠯᠠᠭᠠᠵᠤ ᠂ ᠲᠤᠭ᠎ᠠ ᠪᠠᠷᠢᠮᠲᠠ ᠶᠢ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠤᠯᠭᠠᠵᠤ ᠂ ᠰᠠᠯᠠᠭ᠎ᠠ ᠮᠥᠴᠢᠷ ᠤᠨ ᠬᠤᠭᠤᠷᠤᠨᠳᠤᠭᠢ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ ᠂ ᠲᠤᠭ᠎ᠠ ᠪᠠᠷᠢᠮᠲᠠ ᠶᠢ ᠬᠤᠯᠪᠤᠭᠠᠯᠠᠨ ᠬᠠᠮᠲᠤ ᠪᠠᠷ ᠡᠳ᠋ᠯᠡᠭᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ ᠳᠤ ᠂ ᠲᠡᠷᠡ᠂ ᠤᠯᠤᠰ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠲᠤᠷ ᠦᠢᠯᠡᠴᠢᠯᠡᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠠᠵᠢᠯ ᠠᠮᠢᠳᠤᠷᠠᠯ ᠳᠤᠮᠳᠠᠬᠢ ᠪᠣᠳᠠᠲᠠᠢ ᠬᠦᠴᠢᠷᠳᠡᠯ ᠢ ᠨᠢ ᠢᠯᠡᠭᠦᠬᠡᠨ ᠬᠠᠪᠰᠤᠷᠤᠨ ᠰᠢᠢᠳᠪᠦᠷᠢᠯᠡᠵᠦ ᠥᠭᠭᠦ ᠬᠡᠷᠡᠭᠲᠡᠢ ᠭᠡᠵᠦ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠂ ᠲᠡᠷᠡ ᠲᠥᠷᠥᠯ ᠵᠦᠢᠯ ᠤᠨ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠪᠠ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ ᠃

      ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠸᠠᠩ ᠯᠢ ᠰᠢᠶᠠ ᠂ ᠨᠢᠭᠡ ᠬᠤᠪᠢ ᠶᠢᠨ ᠪᠠᠶᠢᠷᠢᠯᠠᠭᠤᠯᠤᠯᠲᠠ ᠶᠢ ᠶᠢᠰᠦᠨ ᠬᠤᠪᠢ ᠪᠠᠷ ᠨᠠᠶᠢᠳᠠᠪᠤᠷᠢᠵᠢᠭᠤᠯᠵᠤ ᠂ ᠪᠦᠭᠦ ᠵᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠡᠷᠬᠡᠪᠰᠢ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ ᠢᠶᠠᠨ ᠪᠠᠲᠤᠯᠠᠵᠤ ᠂ ᠡᠬᠢᠯᠡᠮᠡᠭᠴᠡ ᠪᠠᠨ ᠬᠤᠷᠳᠤᠴᠠ ᠪᠠᠨ ᠲᠦᠷᠭᠡᠳᠬᠡᠵᠦ ᠂ ᠠᠵᠢᠯ ᠳᠠᠭᠠᠨ ᠭᠠᠷᠤᠮᠠᠭᠴᠠ ᠪᠠᠨ ᠬᠥᠳᠡᠯᠦᠯᠴᠡᠵᠦ ᠂ ᠪᠤᠰᠢᠭᠤᠯᠠᠵᠤ ᠂ ᠠᠬᠢᠴᠠ ᠪᠠᠨ ᠲᠦᠷᠭᠡᠳᠬᠡᠬᠦ ᠬᠡᠷᠡᠭᠲᠡᠢ ᠃ ᠨᠢᠭᠡ ᠳᠤ ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠣᠨ ᠤ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ ᠂ ᠰᠢᠨ᠎ᠡ ᠶᠢ ᠡᠭᠦᠳᠭᠦ ᠴᠢᠨᠠᠷᠲᠠᠢ ᠠᠷᠭ᠎ᠠ ᠬᠡᠮᠵᠢᠶ᠎ᠡ ᠠᠪᠴᠤ ᠂ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠬᠤᠶᠠᠷ ᠲᠤ ᠂ ᠬᠠᠷᠠᠯᠲᠠ ᠪᠠᠨ ᠰᠤᠯᠠᠷᠠᠭᠤᠯᠤᠯ ᠦᠭᠡᠢ ᠴᠢᠩᠭ᠎ᠠ ᠡᠵᠡᠮᠳᠡᠵᠦ ᠂ ︽ᠲᠣᠭᠲᠠᠭᠤᠨ ᠡᠭᠢᠯᠡᠯᠲᠡ ︾᠎ ᠶᠢ ᠪᠡᠶᠡᠯᠡᠭᠦᠯᠬᠦ ᠪᠠᠷ ᠪᠠᠷᠠᠬᠤ ᠦᠭᠡᠢ ᠂ ᠡᠷᠬᠡᠪᠰᠢ ︽ ᠰᠠᠶᠢᠨ ᠡᠭᠢᠯᠡᠯᠲᠡ ︾᠎ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠵᠦ ᠂ ᠡᠨᠡ ᠵᠢᠯ ᠮᠠᠯ ᠠᠵᠤ ᠠᠬᠤᠢ ᠲᠠᠷᠢᠶᠠᠯᠠᠩ ᠤᠨ ᠨᠡᠮᠡᠭᠳᠡᠯ ᠥᠷᠲᠡᠭ ᠢ 5% ᠎ ᠠᠴᠠ ᠳᠡᠭᠡᠭᠰᠢ ᠨᠡᠮᠡᠭᠳᠡᠭᠦᠯᠵᠦ ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠎ ᠠᠴᠠ ᠳᠡᠭᠡᠭᠰᠢ ᠨᠡᠮᠡᠭᠳᠡᠭᠦᠯᠵᠦ ᠂ ᠦᠢᠯᠡᠴᠢᠯᠡᠭᠡᠨ ᠤ ᠦᠢᠯᠡᠰ ᠤᠨ ᠰᠢᠪᠲᠤᠯᠤᠯᠲᠠ ᠶᠢᠨ ᠴᠢᠨᠠᠷᠲᠠᠢ ᠨᠡᠮᠡᠭᠳᠡᠯ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠃ ᠭᠤᠷᠪᠠ ᠳᠤ ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ ᠡᠳᠦᠷ ᠲᠤᠲᠤᠮ ᠤᠨ ᠵᠥᠪᠯᠡᠭᠦ ᠵᠦᠢᠯ ᠳᠡᠭᠡᠨ ᠣᠷᠣᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠃ ᠳᠥᠷᠪᠡ ᠳᠤ ᠂ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ ᠂ ᠪᠡᠯᠡ ᠮᠥᠩᠭᠦ ᠡᠷᠢᠨ ᠥᠭᠴᠦ ᠂ ᠲᠦᠭᠦᠬᠡᠢ ᠮᠠᠲ᠋ᠧᠷᠢᠶᠠᠯ ᠡᠷᠢᠨ ᠥᠭᠴᠦ ᠂ ᠠᠵᠢᠯᠴᠢᠨ ᠡᠷᠢᠨ ᠥᠭᠴᠦ ᠂ ᠵᠠᠬ᠎ᠠ ᠳᠡᠯᠭᠡᠭᠦᠷ ᠡᠷᠢᠨ ᠥᠭᠴᠦ ᠂ ᠠᠵᠤ ᠠᠬᠤᠶᠢᠯᠠᠯ ᠤᠨ ᠬᠠᠮᠲᠤ ᠪᠠᠷ ︽ ᠬᠤᠷᠳᠤᠴᠠ ᠪᠠᠨ ᠲᠦᠷᠭᠡᠳᠬᠡᠬᠦ ︾ ᠎ ᠶᠢ ᠲᠠᠶᠢᠴᠢᠯᠠᠨ ᠠᠬᠢᠭᠤᠯᠬᠤ ᠬᠡᠷᠡᠭᠲᠡᠢ ᠃ ᠲᠠᠪᠤ ᠳᠤ ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ ᠂ ᠠᠶᠢᠮᠠᠭ ᠬᠤᠲᠠ ᠶᠢ ᠬᠠᠪᠰᠤᠷᠤᠨ ᠶᠠᠭᠠᠬᠢᠵᠤ ᠬᠢᠬᠦ ᠂ ᠶᠠᠭᠠᠬᠢᠵᠤ ᠰᠠᠶᠢᠲᠤᠷ ᠬᠢᠬᠦ ᠂ ᠶᠠᠭᠠᠬᠢᠵᠤ ᠲᠦᠷᠭᠡᠨ ᠬᠢᠬᠦ ᠠᠰᠠᠭᠤᠳᠠᠯ ᠢ ᠰᠢᠢᠳᠪᠦᠷᠢᠯᠡᠵᠦ ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠳᠠᠬᠤ ᠎ ᠶᠢᠨ ᠳᠣᠲᠣᠷ᠎ᠠ ᠲᠦᠷᠭᠡᠨ ᠰᠢᠢᠳᠪᠦᠷᠢᠯᠡᠵᠦ ᠂ ︽ ᠬᠤᠨᠤᠭ ᠥᠩᠭᠡᠷᠡᠭᠡᠬᠦ ᠦᠭᠡᠢ ᠂ ᠭᠠᠷ ᠳᠠᠮᠵᠢᠬᠤ ᠦᠭᠡᠢ ᠂ ᠭᠠᠷᠠᠭ ᠠᠯᠤᠰᠯᠠᠬᠤ ᠦᠭᠡᠢ ︾ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ