ᠥᠪᠥᠷ ᠮᠣᠩᠭᠤᠯ ᠳᠤ ᠠᠭᠤᠰᠤᠯᠴᠠᠵᠤ ᠥᠪᠥᠷ ᠮᠣᠩᠭᠤᠯ ᠳᠤ ᠬᠠᠶᠢᠷᠠᠲᠠᠢ ᠪᠣᠯᠵᠤ ᠥᠪᠥᠷ ᠮᠣᠩᠭᠤᠯ ᠢ ᠵᠣᠷᠢᠭᠵᠢᠭᠤᠯᠤᠨ ᠤᠬᠠᠭᠤᠯᠤᠭᠠᠷᠠᠢ  ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠤᠨ ᠬᠢᠨ ᠢ ᠡᠷᠭᠢᠨ ᠦᠵᠡᠪᠡ
ᠨᠡᠶᠢᠲᠡᠯᠡᠭᠰᠡᠨ ᠴᠠᠭ᠄
2023/1/29

      1 ᠰᠠᠷ᠎ᠠ ᠶᠢᠨ 28 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠢᠶᠠᠷ ᠪᠠᠶᠢᠴᠠᠭᠠᠨ ᠰᠤᠳᠤᠯᠤᠯᠲᠠ ᠬᠢᠵᠦ ᠡᠷᠭᠢᠨ ᠦᠵᠡᠪᠡ ᠃


0129融入内蒙古、爱上内蒙古 为内蒙古鼓与呼.jpg




      ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠥᠪᠥᠷ ᠮᠣᠩᠭᠤᠯ ᠳᠠᠬᠢ ᠶᠡᠷᠦᠩᠬᠡᠢ ᠥᠷᠲᠡᠭᠡ ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠂ ᠰᠢᠨᠬᠤᠸᠠ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠳᠤ ᠢᠷᠡᠵᠤ ᠂ ᠸᠠᠩ ᠯᠢ ᠰᠢᠶᠠ ᠠᠵᠢᠯᠲᠠᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠦ ᠂ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠂ ᠦᠶᠯᠡᠳᠭᠦ ᠂ ᠨᠡᠶᠢᠲᠡᠯᠡᠬᠦ ᠵᠡᠷᠭᠡ ᠪᠠᠶᠢᠳᠠᠯ ᠢ ᠠᠰᠠᠭᠤᠨ ᠣᠶᠢᠯᠠᠭᠠᠭᠰᠠᠨ ᠪᠥᠭᠡᠳ ᠣᠯᠠᠨ ᠲᠠᠢ ᠤᠬᠠᠭᠤᠯᠭ᠎ᠠ ᠶᠢᠨ ᠠᠵᠢᠯ ᠤᠨ ᠲᠤᠬᠠᠢ ᠶᠠᠷᠢᠯᠴᠠᠪᠠ ᠃ ᠲᠡᠷᠡ ᠂ ᠥᠩᠭᠡᠷᠡᠭᠰᠡᠨ ᠨᠢᠭᠡ ᠵᠢᠯ ᠳᠤ ᠂ ᠲᠠ ᠨᠠᠷ ᠨᠠᠮ ᠤᠨ ᠳᠠᠭᠤᠨ ᠢ ᠥᠪᠥᠷ ᠮᠣᠩᠭᠤᠯ ᠤᠨ ᠦᠨᠳᠦᠰᠦᠨ ᠱᠠᠲᠤᠨ ᠤ ᠣᠷᠣᠨ ᠪᠠᠶᠢᠷᠢ ᠨᠢᠭᠡ ᠪᠦᠷᠢ ᠂ ᠮᠠᠯᠴᠢᠨ ᠲᠠᠷᠢᠶᠠᠴᠢᠨ ᠡᠷᠦᠭᠡ ᠨᠢᠭᠡ ᠪᠦᠷᠢ ᠳᠤ ᠳᠠᠮᠵᠢᠭᠤᠯᠵᠤ ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠥᠪᠥᠷ ᠮᠣᠩᠭᠤᠯ ᠳᠤ ᠬᠡᠷᠬᠢᠨ ᠦᠨᠳᠦᠰᠦᠯᠡᠵᠦ ᠂ ᠴᠡᠴᠡᠭᠯᠡᠵᠦ ᠂ ᠵᠢᠮᠢᠰᠯᠡᠭᠰᠡᠨ ᠢ ᠥᠷᠭᠡᠨ ᠢᠶᠠᠷ ᠮᠡᠳᠡᠭᠡᠯᠡᠵᠦ ᠂ ᠥᠪᠥᠷ ᠮᠣᠩᠭᠤᠯ ᠤᠨ ᠬᠥᠭᠵᠢᠯᠲᠡ ᠶᠢᠨ ᠰᠠᠶᠢᠨ ᠬᠢᠷᠢ ᠪᠦᠲᠦᠮᠵᠢ ᠣᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ ᠃ ᠤᠯᠠᠨ ᠢᠶᠠᠷ ᠢᠶᠠᠨ ᠥᠪᠥᠷ ᠮᠣᠩᠭᠤᠯ ᠳᠤ ᠠᠵᠢᠯᠯᠠᠵᠤ ᠂ ᠥᠪᠥᠷ ᠮᠣᠩᠭᠤᠯ ᠳᠤ ᠠᠭᠤᠰᠤᠯᠴᠠᠵᠤ ᠂ ᠥᠪᠥᠷ ᠮᠣᠩᠭᠤᠯ ᠳᠤ ᠬᠠᠶᠢᠷᠠᠲᠠᠢ ᠪᠣᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠶᠢ ᠪᠢᠳᠡᠨ ᠤ ᠬᠠᠮᠲᠤ ᠶᠢᠨ ᠬᠠᠷᠢᠭᠤᠴᠠᠯᠭ᠎ᠠ ᠪᠠ ᠡᠭᠦᠷᠭᠡ ᠪᠤᠯᠭᠠᠵᠤ ᠂ ᠰᠢᠷᠢᠰ ᠮᠡᠳᠡᠭᠡᠯᠡᠯ ᠢ ᠰᠢᠰᠲ᠋ᠧᠮ ᠲᠠᠢ ᠪᠠᠷ ᠤᠬᠠᠭᠠᠯᠠᠨ ᠨᠡᠶᠢᠲᠡᠯᠡᠵᠦ ᠂ ᠪᠦᠭᠦ ᠣᠷᠣᠨ ᠳᠠᠶᠠᠭᠠᠷ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠭᠦ ᠤᠯᠤᠰ ᠤᠨ ᠳᠤᠮᠳᠠ ᠲᠦᠪᠰᠢᠨ ᠳᠤ ᠭᠦᠷᠭᠡᠭᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠬᠥᠭᠵᠢᠭᠡᠬᠦ ᠬᠡᠷᠡᠭᠲᠡᠢ ᠃ ᠵᠠᠭᠤᠴᠢᠯᠠᠭᠤᠷ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠢᠵᠦ ᠳᠡᠶᠢᠯᠦᠭᠰᠡᠨ ᠡᠰᠡᠬᠦ ᠂ ᠤᠯᠠᠨ ᠲᠦᠮᠡᠨ ᠤ ᠬᠦᠰᠡᠯ ᠡᠷᠡᠮᠡᠯᠵᠡᠯ ᠢ ᠬᠠᠩᠭᠠᠵᠤ ᠳᠡᠶᠢᠯᠭᠦ ᠡᠰᠡᠬᠦ ᠳᠤ ᠠᠩᠬᠠᠷᠤᠯ ᠲᠠᠯᠪᠢᠵᠤ ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠭᠦ ᠬᠡᠷᠡᠭᠲᠡᠢ ᠃ ︽ ᠤᠯᠤᠰ ᠤᠨ ᠠᠩᠭᠢ ︾ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠂ ᠥᠪᠥᠷ ᠮᠣᠩᠭᠤᠯ ᠢ ᠬᠠᠪᠰᠤᠷᠤᠨ ᠢᠯᠡᠭᠦᠬᠡᠨ ᠤᠷᠢᠶᠠᠯᠠᠵᠤ ᠂ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠬᠤ ᠥᠪᠥᠷ ᠮᠣᠩᠭᠤᠯ ᠤᠨ ᠬᠠᠭᠤᠳᠠᠰᠤ ᠶᠢ ᠪᠢᠴᠢᠭᠯᠡᠵᠦ ᠂ ᠥᠪᠥᠷ ᠮᠣᠩᠭᠤᠯ ᠤᠨ ᠬᠥᠭᠵᠢᠯᠲᠡ ᠳᠤ ᠨᠠᠩ ᠰᠠᠶᠢᠨ ᠣᠷᠴᠢᠨ ᠲᠣᠭᠤᠷᠢᠨ ᠪᠠ ᠨᠠᠩ ᠣᠯᠠᠨ ᠳᠡᠮᠵᠢᠯᠭᠡ ᠣᠯᠭᠤᠬᠤ ᠬᠡᠷᠡᠭᠲᠡᠢ ᠭᠡᠵᠦ ᠬᠡᠯᠡᠪᠡ ᠃



0129融入内蒙古、爱上内蒙古 为内蒙古鼓与呼5.jpg



      ᠥᠪᠥᠷ ᠮᠣᠩᠭᠤᠯ ᠤᠨ ᠲᠧᠩ ᠮᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠂ ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠵᠠᠭᠤᠴᠢᠯᠠᠭᠤᠷ ᠤᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠂ ᠴᠤᠤᠷᠢᠶ᠎ᠠ ᠪᠦᠯᠦᠭᠯᠡᠯ ᠤᠨ ᠥᠪᠥᠷ ᠮᠣᠩᠭᠤᠯ ᠤᠨ ᠺᠤᠮᠫᠠᠨᠢ ᠳᠤ ᠂ ᠸᠠᠩ ᠯᠢ ᠰᠢᠶᠠ ᠦᠵᠡᠬᠦ ᠶᠢᠨ ᠳᠠᠭᠠᠤ ᠠᠰᠠᠭᠤᠵᠤ ᠂ ᠰᠢᠨ᠎ᠡ ᠵᠠᠭᠤᠴᠢᠯᠠᠭᠤᠷ ᠤᠨ ᠪᠦᠲᠦᠭᠡᠭᠳᠡᠬᠦᠨ ᠢ ᠦᠶᠯᠡᠳᠭᠦ ᠶᠠᠪᠤᠴᠠ ᠵᠢᠴᠢ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠦᠯᠵᠢᠶᠡᠨ ᠴᠤᠤᠲᠠᠨ ᠢ ᠨᠡᠪᠴᠢᠭᠦᠯᠭᠦ ᠰᠠᠭᠤᠷᠢᠨ ᠳᠤ ᠬᠦᠷᠴᠦ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ ᠪᠠᠶᠢᠭ᠎ᠠ ᠪᠠᠶᠢᠳᠠᠯ ᠢ ᠣᠶᠢᠯᠠᠭᠠᠪᠠ ᠃ ᠲᠡᠷᠡ ᠂ ᠨᠠᠮ ᠤᠨ ᠮᠠᠰᠢ ᠤᠯᠠᠨ ᠲᠦᠷᠦ ᠶᠢᠨ ᠪᠣᠳᠣᠯᠭ᠎ᠠ ᠂ ᠵᠠᠰᠠᠭ ᠤᠨ ᠣᠷᠳᠣᠨ ᠤ ᠲᠠᠭᠤᠨ ᠪᠣᠯᠣᠨ ᠢᠳᠡᠪᠬᠢ ᠬᠦᠴᠦᠨ ᠵᠦᠢᠯ ᠢ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠲᠡᠯᠡᠵᠦ ᠪᠤᠢ ᠂ ᠤᠯᠠᠨ ᠲᠦᠮᠡᠨ ᠤ ᠬᠦᠰᠡᠨ ᠬᠦᠯᠢᠶᠡᠵᠦ ᠪᠠᠶᠢᠭ᠎ᠠ ᠮᠠᠰᠢ ᠤᠯᠠᠨ ᠶᠠᠪᠤᠳᠠᠯ ᠢ ᠪᠢᠳᠡ ᠪᠠᠰᠠ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠣᠶᠢᠯᠠᠭᠠᠨ ᠡᠵᠡᠮᠰᠢᠭᠰᠡᠨ ᠶᠤᠮ ᠃ ᠡᠨᠡ ᠵᠢᠯ ᠥᠪᠥᠷ ᠮᠣᠩᠭᠤᠯ ᠤᠨ ᠬᠢᠨ ᠰᠢᠨ᠎ᠡ ᠬᠥᠭᠵᠢᠯᠲᠡ ᠶᠢᠨ ᠬᠠᠷᠠᠯᠲᠠ ᠡᠭᠦᠷᠭᠡ ᠶᠢ ᠲᠥᠰᠥᠪᠯᠡᠵᠦ ᠂ ᠡᠷᠴᠢ ᠵᠣᠷᠢᠭ ᠢᠶᠠᠨ ᠬᠥᠪᠴᠢᠯᠡᠬᠦ ᠠᠴᠠ ᠪᠢᠰᠢ ᠰᠢᠨᠲᠠᠷᠠᠵᠤ ᠪᠤᠯᠬᠤ ᠦᠭᠡᠢ ᠂ ᠲᠠ ᠨᠠᠷ ᠭᠠᠷ ᠲᠠᠬᠢ ᠲᠠᠪᠴᠠᠩ ᠢᠶᠠᠨ ᠰᠠᠶᠢᠲᠤᠷ ᠠᠰᠢᠭᠯᠠᠵᠤ ᠂ ᠥᠪᠥᠷ ᠮᠣᠩᠭᠤᠯ ᠢ ᠵᠣᠷᠢᠭᠵᠢᠭᠤᠯᠤᠨ ᠤᠬᠠᠭᠤᠯᠵᠤ ᠂ ᠥᠪᠥᠷ ᠮᠣᠩᠭᠤᠯ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ ᠃

      ᠵᠧᠩ ᠬᠤᠩ ᠹᠠᠨ ᠠᠵᠢᠯᠯᠠᠭ᠎ᠠ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ