ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ  ᠲᠠᠪᠤᠨ ᠶᠡᠭᠡ ᠡᠭᠦᠷᠭᠡ ᠶᠢᠨ 2023 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠰᠤᠳᠤᠯᠵᠠᠢ
ᠨᠡᠶᠢᠲᠡᠯᠡᠭᠰᠡᠨ ᠴᠠᠭ᠄
2023/1/30

      1 ᠰᠠᠷ᠎ᠠ ᠶᠢᠨ 29᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠪᠤᠨ ᠶᠡᠭᠡ ᠡᠭᠦᠷᠭᠡ ᠶᠢᠨ 2023 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠰᠤᠳᠤᠯᠪᠠ᠃

      ᠬᠤᠷᠠᠯ ᠠᠴᠠ᠂ ᠣᠨ ᠤ ᠨᠠᠷᠢᠨ ᠳᠠᠩᠰᠠ ᠪᠣᠯ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠭᠤᠣᠯ ᠭᠠᠷᠳᠠᠴᠠ ᠪᠠ ᠲᠥᠷᠥᠯ ᠵᠦᠢᠯ ᠤᠨ ᠪᠢᠴᠢᠭ ᠪᠣᠯᠣᠨ᠎ᠠ᠂ ︽ᠭᠤᠷᠪᠠ ᠶᠢ ᠵᠣᠯᠭᠠᠭᠤᠯᠬᠤ︾᠎ ᠶᠢ ᠣᠨᠴᠠᠭᠠᠶᠢᠯᠠᠨ ᠴᠢᠬᠤᠯᠠᠴᠢᠯᠠᠬᠤ ᠬᠡᠷᠡᠭᠲᠡᠢ᠄ ᠨᠢᠭᠡ ᠳᠤ ᠲᠠᠪᠤᠨ ᠶᠡᠭᠡ ᠡᠭᠦᠷᠭᠡ ᠶᠢᠨ ᠬᠡᠷᠡᠭᠵᠢᠭᠦᠯᠬᠦ ᠲᠥᠰᠥᠯ ᠲᠠᠢ ᠰᠠᠶᠢᠲᠤᠷ ᠵᠣᠯᠭᠠᠭᠤᠯᠵᠤ᠂ ᠬᠤᠶᠢᠰᠢᠳᠠ ᠶᠢᠨ ᠬᠡᠳᠦᠨ ᠵᠢᠯ ᠤᠨ ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠳᠠᠩᠰᠠ ᠶᠢ ᠲᠣᠳᠣᠷᠬᠠᠢ ᠪᠣᠳᠣᠵᠤ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠂ ᠴᠢᠳᠠᠬᠤ ᠶᠢᠨ ᠬᠢᠷᠢ ᠪᠠᠷ ᠠᠬᠢᠴᠠ ᠪᠠᠨ ᠲᠦᠷᠭᠡᠳᠬᠡᠵᠦ᠂ ᠲᠦᠷᠭᠡᠨ ᠠᠳᠬᠤᠵᠤ᠂ ᠤᠷᠢᠳᠴᠢᠯᠠᠨ ᠦᠷ᠎ᠡ ᠪᠦᠲᠦᠮᠵᠢ ᠭᠠᠷᠭᠠᠵᠤ᠂ ᠴᠢᠬᠤᠯᠠ ᠠᠰᠠᠭᠤᠳᠠᠯ ᠢ ᠪᠦᠷ ᠬᠤᠶᠢᠨ᠎ᠠ ᠨᠢ ᠬᠠᠶᠠᠵᠤ ᠪᠣᠯᠬᠤ ᠦᠭᠡᠢ᠃ ᠬᠤᠶᠠᠷ ᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠠᠵᠢᠯ ᠤᠨ ᠡᠭᠦᠷᠭᠡ ᠲᠠᠢ ᠰᠠᠶᠢᠲᠤᠷ ᠵᠣᠯᠭᠠᠭᠤᠯᠵᠤ᠂ ᠣᠷᠬᠢᠭᠳᠠᠭᠤᠯᠵᠤ ᠪᠣᠯᠬᠤ ᠦᠭᠡᠢ᠂ ᠨᠢᠭᠡ ᠯᠡ ᠪᠥᠭᠡᠷᠡᠩᠬᠡᠶᠢᠯᠡᠬᠦ ᠠᠴᠠ ᠵᠠᠶᠢᠯᠠᠰᠬᠢᠵᠦ᠂ ᠪᠣᠳᠠᠲᠠᠢ ᠲᠣᠳᠣᠷᠬᠠᠢ᠂ ᠠᠳᠬᠤᠪᠠᠯ ᠳᠠᠷᠤᠢ ᠬᠡᠷᠡᠭᠵᠢᠭᠦᠯᠵᠦ ᠳᠡᠶᠢᠯᠬᠦ ᠪᠣᠯᠭᠠᠬᠤ ᠬᠡᠷᠡᠭᠲᠡᠢ᠃ ᠭᠤᠷᠪᠠ ᠳᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠲᠠᠢ ᠰᠠᠶᠢᠲᠤᠷ ᠵᠣᠯᠭᠠᠭᠤᠯᠵᠤ᠂ ᠨᠠᠷᠢᠯᠢᠭ ᠣᠨᠣᠪᠴᠢᠲᠠᠢ᠂ ᠨᠢᠭᠡᠳᠦᠯᠲᠡᠢ ᠪᠠᠶᠢᠯᠭᠠᠵᠤ᠂ ᠬᠠᠮᠲᠤᠷᠠᠯ ᠬᠦᠴᠦᠨ ᠪᠣᠯᠭᠠᠨ ᠨᠢᠭᠲᠠᠷᠠᠭᠤᠯᠵᠤ᠂ ᠲᠥᠷᠥ ᠶᠢᠨ ᠪᠣᠳᠣᠯᠭ᠎ᠠ ᠰᠠᠯᠤᠩᠭᠢᠷᠠᠬᠤ᠂ ᠲᠥᠷᠥ ᠶᠢᠨ ᠪᠣᠳᠣᠯᠭ᠎ᠠ ᠬᠠᠷᠢᠯᠴᠠᠨ ᠬᠠᠷᠰᠢᠯᠳᠤᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ