ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠨᠡᠶᠢᠲᠡ 149.25 ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2023/1/30

      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠨᠡᠶᠢᠲᠡ 149.25 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 2.36% ᠪᠠᠷ ᠨᠡᠮᠡᠭᠳᠡᠪᠡ︔ ᠨᠡᠶᠢᠲᠡ 7.07 ᠳ᠋ᠦᠩᠰᠢᠭᠤᠷ ᠲᠥᠭᠦᠷᠢᠭ ᠤᠨ ᠶᠡᠷᠦᠩᠬᠡᠶᠢᠯᠡᠭᠰᠡᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.09% ᠪᠠᠷ ᠨᠡᠮᠡᠭᠳᠡᠪᠡ᠃ ᠪᠥᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠃

      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠨᠡᠶᠢᠲᠡ 33.2 ᠲᠦᠮᠡᠨ ᠠᠶᠠᠨᠴᠢᠳ ᠢ ᠵᠥᠭᠡᠭᠡᠪᠦᠷᠢᠯᠡᠨ ᠬᠦᠷᠭᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠶᠢᠨ 65.9% ᠶᠢ ᠰᠡᠷᠭᠦᠭᠡᠪᠡ᠃ ᠡᠨᠡ ᠬᠤᠭᠤᠴᠠᠭᠠᠨ ᠳᠤ᠂ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠬᠥᠬᠡᠬᠤᠲᠠ ᠵᠡᠭᠦᠨ ᠥᠷᠲᠡᠭᠡ ᠠᠴᠠ ᠤᠯᠠᠭᠠᠨᠬᠠᠳᠠ ᠡᠮᠦᠨ᠎ᠡ ᠥᠷᠲᠡᠭᠡ ᠬᠦᠷᠬᠦ ᠲᠦᠷ ᠴᠠᠭ ᠤᠨ 2 ᠤᠳᠠᠭ᠎ᠠ ᠶᠢᠨ ᠠᠶᠠᠨᠴᠢᠳ ᠤᠨ ᠭᠠᠯᠲᠤ ᠲᠡᠷᠭᠡ ᠶᠢ ᠨᠡᠮᠡᠨ ᠨᠡᠪᠲᠡᠷᠡᠭᠦᠯᠪᠡ᠃ ᠬᠤᠲᠠ ᠶᠢᠨ ᠬᠤᠭᠤᠷᠣᠨᠳᠣᠬᠢ ᠣᠶᠢᠷ᠎ᠠ ᠵᠠᠮ ᠤᠨ ᠠᠶᠠᠨᠴᠢᠳ ᠤᠨ ᠨᠡᠭᠦᠳᠡᠯ ᠤᠨ ᠳᠠᠬᠢᠨ ᠳᠡᠭᠡᠭᠰᠢᠯᠡᠭᠰᠡᠨ ᠪᠠᠶᠢᠳᠠᠯ ᠳᠤ ᠴᠢᠭᠯᠡᠭᠦᠯᠦᠨ᠂ ᠡᠳᠦᠷ ᠪᠦᠷᠢ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠤᠨ ᠬᠤᠭᠤᠷᠣᠨᠳᠣᠬᠢ ᠬᠥᠳᠡᠯᠭᠡᠭᠦᠷᠲᠦ ᠴᠤᠪᠤᠭ᠎ᠠ ᠲᠡᠷᠭᠡ ᠶᠢ 24 ᠤᠳᠠᠭ᠎ᠠ ᠨᠡᠪᠲᠡᠷᠡᠭᠦᠯᠪᠡ᠃

      ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠶᠢᠨ ᠨᠢᠰᠬᠡᠯ ᠤᠨ ᠪᠠᠭᠤᠳᠠᠯ 1159 ᠰᠠᠭᠤᠷᠢ ᠤᠳᠠᠭ᠎ᠠ ᠶᠢᠨ ᠨᠢᠰᠬᠡᠯ ᠤᠨ ᠨᠢᠰᠴᠦ ᠪᠠᠭᠤᠬᠤ ᠶᠢ ᠪᠠᠲᠤᠯᠠᠵᠤ᠂ ᠠᠶᠠᠨᠴᠢᠳ ᠢ ᠭᠠᠷᠴᠤ ᠣᠷᠣᠬᠤ ᠬᠡᠮᠵᠢᠶ᠎ᠡ ᠶᠢ 10.6 ᠲᠦᠮᠡᠨ ᠬᠥᠮᠥᠨ ᠤᠳᠠᠭ᠎ᠠ ᠪᠡᠶᠡᠯᠡᠭᠦᠯᠵᠦ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ ᠶᠢ 180.9 ᠲᠣᠨ ᠳᠤ ᠬᠦᠷᠭᠡᠪᠡ᠃ ᠡᠨᠡ ᠬᠤᠭᠤᠴᠠᠭᠠᠨ ᠳᠤ᠂ ᠣᠷᠣᠨ ᠤ ᠳᠣᠲᠣᠷᠠᠬᠢ ᠠᠶᠠᠨᠴᠢᠳ ᠤᠨ  ᠨᠡᠭᠦᠳᠡᠯ ᠨᠢ ᠭᠤᠣᠯᠳᠠᠭᠤ ᠤᠯᠠᠭᠠᠨᠬᠠᠳᠠ᠂ ᠬᠠᠶᠢᠯᠠᠷ᠂ ᠤᠯᠠᠭᠠᠨᠬᠤᠲᠠ᠂ ᠲᠦᠩᠯᠢᠶᠣᠣ ᠵᠡᠷᠭᠡ ᠬᠤᠲᠠ ᠶᠢᠨ ᠨᠤᠲᠤᠭ ᠲᠤ ᠪᠠᠨ ᠪᠤᠴᠠᠵᠤ ᠠᠵᠢᠯ ᠤᠨ ᠪᠠᠶᠢᠷᠢ ᠳᠤ ᠪᠠᠨ ᠪᠤᠴᠠᠬᠤ ᠠᠶᠠᠨᠴᠢᠳ ᠢᠶᠠᠷ ᠭᠤᠣᠯᠳᠠᠭᠤᠯᠪᠠ︔ ᠣᠷᠣᠨ ᠤ ᠭᠠᠳᠠᠨᠠᠬᠢ ᠠᠶᠠᠨᠴᠢᠳ ᠤᠨ ᠨᠡᠭᠦᠳᠡᠯ ᠨᠢ ᠭᠤᠣᠯᠳᠠᠭᠤ ᠬᠠᠶᠢᠺᠧᠦ᠂ ᠭᠤᠸᠠᠩᠵᠧᠦ᠂ ᠨᠠᠨᠵᠢᠩ᠂ ᠱᠠᠩᠬᠠᠢ ᠵᠡᠷᠭᠡ ᠬᠤᠲᠠ ᠳᠤ ᠲᠥᠪᠯᠡᠷᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ