ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠭᠦᠭᠡᠬᠤᠲᠠ ᠳᠤ ᠬᠤᠷᠠᠯᠳᠤᠪᠠ  ᠰᠦᠨ ᠱᠤᠤ ᠴᠧᠩ ᠶᠠᠷᠢᠶ᠎ᠠ ᠲᠠᠯᠪᠢᠵᠤ  ᠸᠠᠩ ᠯᠢ ᠰᠢᠶᠠ ᠬᠤᠷᠠᠯ ᠢ ᠡᠷᠭᠢᠯᠡᠵᠦ  ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2023/1/31

      1 ᠰᠠᠷ᠎ᠠ ᠶᠢᠨ 29᠎ ᠤ ᠡᠳᠦᠷ ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠭᠦᠭᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠪᠦᠭᠦ ᠣᠷᠣᠨ ᠳᠠᠶᠠᠭᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠠᠳᠬᠤᠵᠤ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃


W020230130304531209747.jpg

      1 ᠰᠠᠷ᠎ᠠ ᠶᠢᠨ 29᠎ ᠤ ᠦᠳᠡ ᠶᠢᠨ ᠡᠮᠦᠨ᠎ᠡ ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠭᠦᠭᠡᠬᠤᠳᠠ ᠳᠤ ᠬᠤᠷᠠᠯᠳᠤᠪᠠ ᠃

      ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ      


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠭᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ ᠃

      ᠰᠦᠨ ᠱᠤᠤ ᠴᠧᠩ ᠂ ᠠᠵᠤ ᠠᠬᠤᠢ ᠶᠢᠨ ᠠᠵᠢᠯ ᠢ ᠠᠳᠬᠤᠬᠤ ᠳᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠠᠳᠬᠤᠬᠤ ᠬᠡᠷᠡᠭᠲᠡᠢ ᠂ ᠶᠡᠭᠡ ᠪᠠᠷ ᠠᠷᠠᠯᠵᠢᠶᠠᠴᠢᠨ ᠤᠷᠢᠬᠤ ᠦᠭᠡᠢ ᠪᠣᠯ ᠶᠡᠭᠡ ᠬᠥᠭᠵᠢᠯᠲᠡ ᠪᠠᠶᠢᠵᠤ ᠴᠢᠳᠠᠬᠤ ᠦᠭᠡᠢ ᠃ ᠥᠪᠥᠷ ᠮᠣᠩᠭᠤᠯ ᠳᠤ ᠤᠯᠤᠰ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠭᠠᠵᠠᠷ ᠰᠢᠷᠣᠢ ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠂ ︽ᠪᠣᠬᠢᠷᠳᠤᠯ ᠦᠭᠡᠢ ᠴᠠᠭᠢᠯᠭᠠᠨ ︾᠂ ᠠᠵᠤ ᠦᠢᠯᠡᠰ ᠵᠡᠷᠭᠡ ᠤᠯᠠᠨ ᠳᠠᠪᠠᠭᠤᠯᠢᠭ ᠲᠠᠢ ᠶᠤᠮ ᠂ ᠡᠯ᠎ᠡ ᠱᠠᠲᠤᠨ ᠤ ᠬᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠠᠳᠬᠤᠬᠤ ᠲᠠᠯ᠎ᠠ ᠪᠠᠷ ᠡᠷᠬᠡᠪᠰᠢ ᠢᠲᠡᠭᠡᠯ ᠲᠡᠭᠦᠯᠳᠡᠷ ᠪᠠᠶᠢᠵᠤ ᠂ ᠡᠷᠴᠢ ᠵᠣᠷᠢᠭ ᠢᠶᠠᠨ ᠬᠥᠪᠴᠢᠯᠡᠵᠦ ᠂ ᠭᠢᠯᠠᠯᠵᠠᠮ᠎ᠠ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠠᠳᠬᠤᠬᠤ ᠶᠢᠨ ᠵᠠᠩᠭᠢᠯᠠᠭ᠎ᠠ ᠨᠢ ᠬᠥᠭᠵᠢᠶᠡᠨ ᠶᠡᠬᠡᠲᠡᠢ ᠬᠤᠳᠠᠯᠳᠤᠭ᠎ᠠ ᠡᠷᠭᠢᠯᠡᠭᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠵᠤ ᠂ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠱᠤᠭᠤᠵᠤ ᠂ ᠪᠦᠭᠦ ᠣᠷᠣᠨ ᠳᠠᠶᠠᠭᠠᠷ ᠤᠨ ᠲᠠᠸᠠᠷ ᠤᠨ ᠤᠬᠠᠮᠰᠠᠷ ᠢ ᠴᠢᠩᠭᠠᠳᠬᠠᠵᠤ ᠂ ᠬᠤᠳᠠᠯᠳᠤᠭᠠᠨ ᠤ ᠦᠢᠯᠡᠰ ᠤᠨ ᠠᠭᠤᠷ ᠠᠮᠢᠰᠬᠤᠯ ᠢ ᠬᠥᠭᠵᠢᠶᠡᠨ ᠲᠠᠢ ᠪᠤᠯᠭᠠᠬᠤ ᠬᠡᠷᠡᠭᠲᠡᠢ ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢᠨ ᠬᠠᠮᠤᠭ ᠤᠨ ᠰᠠᠶᠢᠨ ᠦᠷ᠎ᠡ ᠪᠦᠲᠦᠮᠵᠢ ᠪᠣᠯ ᠳᠠᠷᠤᠢ ᠠᠵᠤ ᠠᠬᠤᠶᠢᠯᠠᠯ ᠪᠠᠶᠠᠵᠢᠵᠤ ᠂ ᠣᠷᠣᠨ ᠨᠤᠲᠤᠭ ᠬᠥᠭᠵᠢᠵᠦ ᠂ ᠠᠷᠠᠳ ᠤᠯᠠᠨ ᠠᠰᠢᠭ ᠭᠦᠷᠳᠡᠭᠦ ᠶᠠᠪᠤᠳᠠᠯ ᠪᠣᠯᠣᠨ᠎ᠠ ᠂ ᠨᠢᠭᠡ ᠪᠦᠯᠦᠭ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠥᠭᠡᠴᠡᠯᠡᠵᠦ ᠂ ᠤᠬᠠᠭᠤᠯᠭ᠎ᠠ ᠲᠠᠨᠢᠯᠴᠠᠭᠤᠯᠭ᠎ᠠ ᠶᠢ ᠨᠢᠮᠪᠠᠢ ᠰᠠᠶᠢᠲᠤᠷ ᠬᠢᠵᠦ ᠂ ᠠᠵᠤ ᠠᠬᠤᠶᠢᠯᠠᠯᠲᠠᠨ ᠢ ︽ᠣᠯᠬᠤ ᠵᠣᠭᠤᠰ ᠲᠠᠢ ︾ ᠪᠤᠯᠭᠠᠬᠤ ᠬᠡᠷᠡᠭᠲᠡᠢ ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠠᠵᠢᠯᠯᠠᠭ᠎ᠠ ᠶᠢ ︽ᠤᠬᠳᠤ ᠠᠭᠤᠴᠢᠯᠠᠬᠤ ᠦᠭᠡᠢ ︾ ᠪᠠᠶᠢᠵᠤ ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ ᠂ ᠠᠵᠤ ᠠᠬᠤᠶᠢᠯᠠᠯ ᠤᠨ ᠳᠦᠷᠢᠮ ᠳᠤ ᠨᠡᠶᠢᠴᠡᠭᠦ ᠳᠦᠷᠢᠮ ᠤᠨ ᠬᠡᠷᠡᠭᠯᠡᠬᠦ ᠬᠡᠪᠴᠢᠶ᠎ᠡ ᠪᠠ ᠬᠠᠮᠤᠷᠬᠤ ᠨᠤᠷᠮ᠎ᠠ ᠶᠢ ᠥᠷᠭᠡᠳᠬᠡᠵᠦ ᠂ ᠠᠵᠤ ᠠᠬᠤᠶᠢᠯᠠᠯᠲᠠᠨ ᠢ ︽ᠰᠠᠨᠠᠭ᠎ᠠ ᠠᠮᠤᠷ ᠪᠠᠶᠢᠯᠭᠠᠬᠤ ︾ ᠬᠡᠷᠡᠭᠲᠡᠢ ᠃ ᠡᠯ᠎ᠡ ᠱᠠᠲᠤᠨ ᠤ ᠵᠠᠰᠠᠭ ᠤᠨ ᠣᠷᠳᠣᠨ ︽ᠦᠢᠯᠡᠴᠢᠯᠡᠭᠴᠢ ︾᠎ ᠶᠢᠨ ᠠᠵᠢᠯ ᠢ ᠰᠠᠶᠢᠲᠤᠷ ᠬᠢᠵᠦ ᠂ ᠠᠵᠢᠯ ᠬᠢᠬᠦ ᠳᠡᠭᠡᠨ ︽ᠤᠳᠠᠭᠠᠨ ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠳᠠᠭᠤᠳᠠᠬᠤ ᠦᠭᠡᠢ ᠪᠣᠯ ᠬᠠᠷᠰᠢᠯᠠᠬᠤ ᠦᠭᠡᠢ ᠪᠠᠶᠢᠵᠤ ᠂ ᠳᠠᠭᠤᠳᠠᠮᠠᠭᠴᠠ ᠬᠦᠷᠴᠦ ᠢᠷᠠᠨ ᠂ ᠠᠵᠤ ᠠᠬᠤᠶᠢᠯᠠᠯᠲᠠᠨ ᠢ ︽ᠳᠡᠭᠡᠳᠦ ᠵᠣᠴᠢᠨ ︾ ᠪᠤᠯᠭᠠᠬᠤ ᠬᠡᠷᠡᠭᠲᠡᠢ ᠃ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠨᠢᠭᠡᠳᠦᠯᠲᠡᠢ ᠬᠠᠷᠢᠴᠠᠭ᠎ᠠ ᠶᠢ ᠬᠦᠴᠦᠯᠡᠨ ᠪᠠᠶᠢᠭᠤᠯᠵᠤ ᠂ ᠠᠵᠤ ᠠᠬᠤᠶᠢᠯᠠᠯᠲᠠᠨ ᠢ 

︽ᠭᠡᠷ ᠤᠨ ᠬᠥᠮᠥᠰ ︾᠎ ᠲᠠᠢ ᠪᠠᠨ ᠠᠳᠠᠯᠢ ᠦᠵᠡᠵᠦ ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠠᠭᠢᠨ ︽ᠨᠢᠭᠤᠭᠳᠠᠮᠠᠯ ᠳᠦᠷᠢᠮ ︾᠎ ᠳᠤ ᠪᠠᠷᠢᠭᠳᠠᠬᠤ ᠦᠭᠡᠢ ᠪᠤᠯᠭᠠᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠠᠳᠬᠤᠬᠤ ᠳᠤ ᠂ ᠠᠵᠢᠯ ᠤᠨ ᠠᠶᠢᠵᠠᠮ ᠢ ᠡᠷᠬᠡᠪᠰᠢ ᠲᠦᠷᠭᠡᠳᠬᠡᠵᠦ ᠂ ᠳᠡᠭᠡᠷ᠎ᠡ ᠠᠴᠠ ᠳᠣᠷᠣᠭᠰᠢ ᠪᠦᠷ ︽ᠬᠥᠭᠵᠢᠶᠡᠨᠲᠡᠢ ︾ ᠪᠤᠯᠭᠠᠬᠤ ᠬᠡᠷᠡᠭᠲᠡᠢ ᠃ ᠪᠦᠭᠦ ᠣᠷᠣᠨ ᠢᠶᠠᠷ ᠢᠶᠠᠨ ︽ᠨᠢᠭᠡ ᠬᠥᠯᠭᠡ ᠰᠢᠲᠠᠷ᠎ᠠ ᠪᠤᠯᠬᠤ ︾᠎ ᠶᠢ ᠪᠠᠷᠢᠮᠲᠠᠯᠠᠵᠤ ᠂ ᠡᠯ᠎ᠡ ᠭᠠᠵᠠᠷ ᠤᠨ ᠬᠢᠨ ᠠᠳᠠᠯᠢᠳᠬᠠᠵᠤ ᠰᠤᠷᠤᠯᠴᠠᠨ ᠭᠦᠢᠴᠡᠵᠦ ᠬᠠᠪᠰᠤᠷᠤᠨ ᠬᠠᠮᠲᠤ ᠪᠠᠷ ᠬᠢᠵᠦ ᠂ ᠨᠢᠭᠡ ᠯᠡ ᠬᠡᠪᠰᠢᠯ ᠳᠤ ᠪᠠᠷᠢᠭᠳᠠᠬᠤ ᠦᠭᠡᠢ ᠪᠠᠷ ᠵᠣᠷᠢᠭᠲᠠᠢ ᠪᠠᠷ ᠬᠠᠶᠢᠨ ᠰᠦᠪᠡᠭᠴᠢᠯᠡᠨ ᠦᠢᠯᠡᠳᠦᠯᠭᠡᠵᠢᠭᠦᠯᠵᠦ ᠂ ᠠᠵᠤ ᠠᠬᠤᠶᠢᠯᠠᠯ ᠪᠣᠯᠣᠨ ᠬᠤᠳᠠᠯᠳᠤᠭᠠᠴᠢᠳ ᠤᠨ ᠡᠪᠯᠡᠯ ᠵᠡᠷᠭᠡ ᠶᠢᠨ ᠦᠢᠯᠡᠳᠦᠯ ᠢ ᠪᠠᠳᠠᠷᠠᠭᠤᠯᠬᠤ ᠶᠢ ᠨᠠᠩ ᠴᠢᠬᠤᠯᠠᠴᠢᠯᠠᠬᠤ ᠬᠡᠷᠡᠭᠲᠡᠢ ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠤ ᠪᠣᠳᠠᠲᠠᠢ ᠠᠵᠢᠯᠯᠠᠭ᠎ᠠ ᠶᠢ ᠦᠵᠡᠬᠦ ᠪᠥᠭᠡᠳ ᠨᠡᠩ ᠴᠤ ᠦᠷ᠎ᠡ ᠳ᠋ᠦᠩ  ᠢ ᠦᠵᠡᠵᠦ ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠂ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠭᠤᠣᠯᠳᠠᠯᠭ᠎ᠠ ᠲᠠᠢ ᠦᠵᠡᠵᠦ ᠂ ᠵᠢᠯ ᠤᠨ ᠡᠴᠦᠰ ᠲᠤ ᠳᠠᠩᠰᠠ ᠪᠤᠳᠣᠵᠤ ᠂ ᠱᠠᠩᠨᠠᠵᠤ ᠲᠣᠷᠭᠠᠬᠤ ᠪᠠᠨ ᠲᠣᠳᠣᠷᠬᠠᠢ ᠪᠠᠶᠢᠯᠭᠠᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠭᠦᠷᠭᠡᠯᠡᠵᠦ ᠂ ᠠᠵᠢᠯ ᠢᠶᠠᠨ ᠪᠣᠳᠠᠲᠠᠢ ᠬᠢᠵᠦ ᠂ ᠺᠠᠳ᠋ᠷᠴᠤᠳ ᠲᠤ ᠢᠯᠡᠭᠦᠬᠡᠨ ᠲᠦᠰᠢᠭ ᠲᠤᠯᠭᠠᠭᠤᠷᠢ ᠪᠣᠯᠵᠤ ᠦᠨᠳᠦᠰᠦᠨ ᠵᠦᠢᠯ ᠢ ᠨᠢ ᠪᠠᠲᠤᠯᠠᠵᠤ ᠂ ᠡᠷᠴᠢ ᠵᠣᠷᠢᠭ ᠢ ᠨᠢ ᠬᠥᠪᠴᠢᠯᠡᠵᠦ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠳᠤᠮᠳᠠ ᠠᠴᠠ ᠺᠠᠳ᠋ᠷ ᠢ ᠢᠯᠡᠷᠡᠭᠦᠯᠭᠦ ᠪᠠ ᠬᠡᠷᠡᠭᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠠᠳᠬᠤᠬᠤ ᠳᠤ ︽ᠶᠡᠭᠡ ︾᠎ ᠶᠢ ᠠᠳᠬᠤᠬᠤ ᠮᠥᠷᠲᠡᠭᠡᠨ ︽ᠪᠠᠭ᠎ᠠ ︾᠎ ᠶᠢ ᠦᠯᠦ ᠤᠮᠠᠷᠲᠠᠬᠤ ᠂ ︽ᠰᠢᠨ᠎ᠡ ︾᠎ ᠶᠢ ᠬᠥᠭᠡᠭᠡᠴᠡᠯᠳᠦᠬᠦ ᠮᠥᠷᠲᠡᠭᠡᠨ ︽ᠬᠠᠭᠤᠴᠢᠨ ︾᠎ ᠠᠴᠠ ᠦᠯᠦ ᠬᠠᠯᠠᠰᠢᠷᠠᠬᠤ ᠶᠢ ᠪᠠᠷᠢᠮᠲᠠᠯᠠᠵᠤ ᠂ ᠶᠡᠭᠡ ᠪᠠᠭ᠎ᠠ ᠲᠦᠷᠦᠯ ᠵᠦᠢᠯ ᠢ ᠠᠳᠠᠯᠢᠬᠠᠨ ᠢᠶᠠᠷ ᠴᠢᠬᠤᠯᠠᠴᠢᠯᠠᠵᠤ ᠂ ᠰᠢᠨ᠎ᠡ ᠬᠠᠭᠤᠴᠢᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ ᠂ ᠠᠳᠠᠯᠢᠬᠠᠨ ᠦᠢᠯᠡᠴᠢᠯᠡᠭᠡᠨ ᠤ ᠪᠠᠲᠤᠯᠠᠭ᠎ᠠ ᠪᠠ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ ᠃ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ ᠢᠶᠠᠷ ᠳᠠᠷᠤᠶᠢᠬᠠᠨ ᠬᠥᠳᠡᠯᠦᠯᠴᠡᠵᠦ ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠳᠠᠭᠳᠠᠯ ᠢᠶᠠᠨ ᠬᠤᠪᠢᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠲᠦᠷᠭᠡᠳᠬᠡᠬᠦ ᠬᠡᠷᠡᠭᠲᠡᠢ ᠭᠡᠵᠦ ᠬᠡᠯᠡᠪᠡ ᠃

      ᠬᠤᠷᠠᠯ ᠠᠴᠠ 2022 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ ᠂ 2023 ᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠠᠷᠠᠯᠲᠠ ᠡᠭᠦᠷᠭᠡ ᠶᠢᠨ ᠪᠢᠴᠢᠭ ᠢ ᠪᠠᠭᠤᠯᠭᠠᠪᠠ ᠃ ᠭᠦᠭᠡᠬᠤᠲᠠ ᠂ ᠪᠤᠭᠤᠲᠤ ᠂ ᠣᠷᠳᠣᠰ ᠂ ᠤᠯᠠᠭᠠᠨᠬᠠᠳᠠ ᠂ ᠤᠯᠠᠭᠠᠨᠴᠠᠪ ᠵᠡᠷᠭᠡ 5 ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃

      ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠳᠠ ᠂ ᠬᠤᠰᠢᠭᠤ ᠰᠢᠶᠠᠨ ︵ᠬᠤᠳᠠ ᠂ ᠲᠣᠭᠤᠷᠢᠭ︶᠎ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ ᠃ ᠬᠤᠷᠠᠯ ᠠᠴᠠ ᠡᠮᠦᠨ᠎ᠡ ᠂ ᠮᠤᠵᠢ ᠶᠢᠨ ᠲᠡᠰ ᠤᠨ ᠤᠳᠤᠷᠢᠳᠬᠤ ᠨᠥᠬᠦᠳ ᠪᠦᠭᠦ ᠣᠷᠣᠨ ᠵᠢᠴᠢ ᠡᠯ᠎ᠡ ᠠᠶᠢᠮᠠᠭ ᠬᠤᠳᠠ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ 2022 ᠣᠨ ᠤ ᠠᠵᠢᠯ ᠤᠨ ᠦᠷ᠎ᠡ ᠪᠦᠲᠦᠮᠵᠢ ᠂ 2023 ᠣᠨ ᠤ ᠭᠤᠣᠯ ᠡᠭᠦᠷᠭᠡ ᠶᠢᠨ ᠦᠵᠡᠭᠦᠯᠭᠡ ᠶᠢ ᠲᠣᠭᠤᠷᠢᠨ ᠦᠵᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ