ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/1/4

      11 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠤ ᠠᠨᠶᠠᠩ ᠬᠤᠳᠠ ᠶᠢᠨ ᠺᠠᠢ ᠰᠢᠨ ᠳ᠋ᠡ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠤᠮᠫᠠᠨᠢ ᠶᠢᠨ ᠭᠠᠯ ᠤᠨ ᠭᠠᠮᠰᠢᠭ ᠤᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠲᠣᠬᠢᠷᠠᠭᠤᠯᠤᠨ ᠪᠠᠶᠢᠷᠢᠯᠠᠭᠤᠯᠪᠠ᠃ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃

      ᠸᠠᠩ ᠯᠢ ᠰᠢᠶᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠬᠤᠷᠢᠭ᠎ᠠ ᠱᠤᠭᠤᠮ ᠤᠨ ᠰᠡᠳᠬᠢᠬᠦᠢ᠂ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠶᠢᠯ ᠤᠨ ᠬᠠᠷᠢᠭᠤᠴᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠶᠢ ᠨᠢᠭᠲᠠ ᠠᠩᠬᠠᠷᠴᠤ᠂ ᠵᠠᠩᠭᠢᠯᠠᠭ᠎ᠠ ᠶᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ ᠴᠢᠩᠭ᠎ᠠ ᠨᠢᠮᠪᠠᠢ ᠥᠷᠨᠢᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠭᠤᠷᠬᠠᠢ᠂ ᠵᠠᠮ ᠬᠠᠷᠢᠯᠴᠠᠭ᠎ᠠ᠂ ᠠᠶᠤᠯᠲᠠᠢ ᠬᠢᠮᠢ ᠶᠢᠨ ᠪᠣᠳᠠᠰ᠂ ᠠᠵᠤ ᠦᠢᠯᠡᠳᠪᠦᠷᠢ ᠠᠷᠠᠯᠵᠢᠶ᠎ᠠ᠂ ᠪᠠᠷᠢᠯᠭ᠎ᠠ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠪᠠ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠣᠨᠴᠠ ᠲᠦᠷᠦᠯ ᠤᠨ ᠲᠥᠬᠦᠭᠡᠷᠦᠮᠵᠢ᠂ ᠤᠰᠤ ᠬᠠᠩᠭᠠᠵᠤ ᠴᠠᠭᠢᠯᠭᠠᠨ ᠬᠠᠩᠭᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠭᠡᠮ ᠰᠣᠭᠤᠭ ᠢ ᠪᠠᠶᠢᠴᠠᠭᠠᠵᠤ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ᠂ ᠬᠦᠨᠳᠦ ᠣᠨᠴᠠ ᠶᠡᠭᠡ ᠠᠳᠡᠯ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠡᠶ᠎ᠡ ᠪᠠᠷ ᠢᠶᠠᠨ ᠣᠷᠣᠯᠴᠠᠨ ᠬᠦᠴᠦᠯᠡᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠲᠷ︾ ᠭᠦᠷᠲᠡᠯ᠎ᠡ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠠᠯᠲᠠ ᠪᠠᠨ ᠪᠠᠲᠤ ᠡᠵᠡᠮᠳᠡᠵᠦ᠂ ᠦᠳᠲᠡᠷ ᠲᠦᠷᠭᠡᠨ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ᠂ ᠲᠦᠷᠭᠡᠨ ᠬᠥᠳᠡᠯᠦᠯᠴᠡᠵᠦ ᠲᠦᠷᠭᠡᠨ ᠲᠠᠷᠬᠠᠨ ᠳᠡᠯᠭᠡᠷᠡᠬᠦ ᠶᠢ ᠬᠢᠵᠠᠭᠠᠷᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠰᠥᠨᠥᠭᠡᠯᠲᠡ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠢ ᠭᠡᠵᠦ ᠬᠡᠯᠡᠪᠡ᠃

      ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠠᠢ ᠯᠢ ᠬᠤᠸᠠ᠂ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠤᠤ ᠬᠤᠷᠠᠯ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ