ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/5

      12 ᠰᠠᠷ᠎ᠠ ᠶᠢᠨ 19᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 2022 ᠣᠨ ᠤ ᠪᠦᠭᠦ ᠣᠷᠣᠨ ᠤ ᠠᠵᠤ ᠠᠬᠤᠢ ᠶᠢᠨ ᠪᠠᠶᠢᠳᠠᠯ ᠵᠢᠴᠢ 2023 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠰᠤᠳᠤᠯᠪᠠ᠃
      ᠬᠤᠷᠠᠯ ᠠᠴᠠ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ

︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠥᠷᠯᠥᠭᠡ ᠦᠳᠡᠰᠢ ᠶᠢ ᠲᠡᠮᠡᠴᠡᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠢᠷᠡᠬᠦ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠢᠩᠭ᠎ᠠ ᠠᠳᠬᠤᠵᠤ ᠲᠦᠷᠭᠡᠨ ᠬᠥᠳᠡᠯᠦᠯᠴᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠢ ᠶᠢᠨ ᠡᠷᠭᠢᠯᠲᠡ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠣᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠤᠬᠠᠮᠰᠠᠷ ᠢᠶᠠᠷ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ᠂ ᠡᠭᠢᠯᠡᠯᠲᠡ ᠶᠢᠨ ᠵᠢᠯ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ