ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 1 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/5

      1 ᠰᠠᠷ᠎ᠠ ᠶᠢᠨ 3᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶᠎ ᠶᠢᠨ ᠮᠡᠳᠡᠭᠦᠯᠦᠯᠲᠡ ᠪᠣᠯᠣᠨ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠵᠢᠴᠢ 2023 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶᠎ ᠎ ᠤᠨ ᠮᠡᠳᠡᠭᠦᠯᠦᠯᠲᠡ ᠵᠡᠷᠭᠡ ᠵᠦᠢᠯ ᠢ ᠰᠤᠳᠤᠯᠪᠠ᠃

      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂  ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠭᠦᠢᠴᠡᠳ ᠰᠢᠩᠭᠡᠭᠡᠨ ᠠᠪᠴᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠳᠤᠲᠠᠭᠤᠳᠠᠯ ᠪᠣᠯᠣᠨ ᠭᠤᠣᠯᠳᠠᠯᠭ᠎ᠠ ᠲᠠᠢ ᠠᠰᠠᠭᠤᠳᠠᠯ ᠢ ᠭᠦᠨᠵᠡᠭᠡᠢ ᠰᠤᠳᠤᠯᠵᠤ᠂ ᠦᠨᠡᠨ ᠪᠣᠳᠠᠲᠠᠢ᠂ ᠬᠠᠲᠠᠭᠤ ᠴᠢᠩᠭ᠎ᠠ᠂ ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠠᠷᠭ᠎ᠠ ᠭᠠᠷᠭᠠᠬᠤ ᠬᠡᠷᠡᠭᠲᠡᠢ᠃ ᠪᠥᠬᠦ ᠵᠢᠯ ᠤᠨ ᠠᠵᠢᠯ ᠢ ᠡᠷᠲᠡᠬᠡᠨ ᠲᠥᠯᠥᠪᠵᠢᠭᠦᠯᠵᠦ᠂ ᠮᠥᠷᠳᠡᠨ ᠵᠣᠬᠢᠴᠠᠭᠤᠯᠵᠤ᠂ ᠡᠭᠦᠷᠭᠡ ᠶᠢᠨ ᠨᠠᠷᠢᠨ ᠳᠠᠩᠰᠠ᠂  ᠠᠷᠭ᠎ᠠ ᠬᠡᠮᠵᠢᠶ᠎ᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ  ᠶᠢ ᠪᠦᠷᠢᠯᠳᠦᠭᠦᠯᠵᠦ᠂ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠴᠢᠩᠭ᠎ᠠ ᠠᠩᠬᠠᠷᠴᠤ ᠨᠠᠶᠢᠳᠠᠪᠤᠷᠢᠵᠢᠭᠤᠯᠵᠤ᠂ ᠡᠬᠢᠯᠡᠮᠡᠭᠴᠡ ᠲᠣᠭᠲᠠᠭᠤᠨ ᠪᠠᠶᠢᠯᠭᠠᠬᠤ᠂ ᠰᠠᠶᠢᠨ ᠡᠬᠢᠯᠡᠯᠲᠡ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠶᠢᠨ ᠡᠷᠭᠢᠯᠲᠡ ᠪᠦᠬᠦᠯᠢ ᠴᠣᠭᠴᠠ ᠪᠠᠷ ᠰᠠᠶᠢᠵᠢᠷᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠦ ᠪᠡᠯᠡ ᠮᠦᠩᠬᠦ ᠣᠷᠣᠭᠤᠯᠤᠨ ᠠᠪᠴᠢᠷᠠᠬᠤ ᠵᠡᠷᠭᠡ ᠵᠦᠢᠯ ᠢ ᠰᠤᠳᠤᠯᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ