|
ᠸᠠᠩ ᠯᠢ ᠰᠢᠶᠠ ᠪᠦᠭᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠬᠢᠪᠡ |
|
|
ᠨᠡᠶᠢᠲᠡᠯᠡᠭᠰᠡᠨ ᠴᠠᠭ᠄
2023/1/5
|
|
11 ᠰᠠᠷ᠎ᠠ ᠶᠢᠨ 21 ᠤ ᠣᠷᠣᠢ᠂ ᠸᠠᠩ ᠯᠢ ᠰᠢᠶᠠ ᠪᠦᠭᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠸᠠᠩ ᠯᠢ ᠰᠢᠶᠠ᠂ ᠣᠳᠣᠬᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ᠂ ᠭᠡᠯᠪᠡᠷᠢ ᠶᠢ ᠨᠢ ᠥᠭᠡᠷᠡᠲᠦᠭᠦᠯᠦᠯ ᠦᠭᠡᠢ ᠪᠠᠷᠢᠮᠲᠠᠯᠠᠵᠤ᠂ ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠬᠠᠷᠠᠯᠲᠠ ᠡᠭᠦᠷᠭᠡ ᠶᠢ ᠴᠢᠩᠭ᠎ᠠ ᠡᠵᠡᠮᠳᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃ ᠨᠠᠢᠮᠠᠨ ᠵᠦᠢᠯ ᠤᠨ ᠠᠵᠢᠯ ᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠥᠨᠳᠥᠷ ᠲᠦᠭᠰᠢᠭᠦᠷᠢᠲᠡᠢ ᠣᠷᠣᠨ ᠳᠤ ᠡᠷᠬᠡᠪᠰᠢ ᠨᠢᠭᠡ ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 24 ᠴᠠᠭ ᠲᠤ ᠨᠢᠭᠡ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠪᠡᠶᠡᠯᠡᠭᠦᠯᠬᠦ ᠬᠡᠷᠡᠭᠲᠡᠢ᠃ ᠳᠣᠣᠷ᠎ᠠ ᠲᠦᠭᠰᠢᠭᠦᠷᠢᠲᠡᠢ ᠣᠷᠣᠨ ᠳᠤ ᠪᠣᠳᠠᠲᠠᠢ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠢᠯᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠴᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠠᠶᠤᠯ ᠲᠦᠭᠰᠢᠭᠦᠷᠢ ᠶᠢᠨ ᠵᠡᠷᠭᠡ ᠳᠡᠰ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠴᠠᠭ ᠲᠤᠬᠠᠢ ᠳᠤᠨᠢ ᠰᠡᠷᠭᠡᠶᠢᠯᠡᠨ ᠡᠵᠡᠮᠳᠡᠬᠦ ᠣᠷᠣᠨ ᠪᠦᠰᠡ ᠳᠤ ᠲᠣᠬᠢᠷᠠᠭᠤᠯᠤᠯᠲᠠ ᠬᠢᠵᠦ᠂ ᠱᠠᠲᠤ ᠲᠥᠷᠥᠯ ᠬᠤᠪᠢᠶᠠᠨ ᠣᠨᠣᠪᠴᠢᠲᠠᠶ ᠦᠢᠯᠡᠴᠢᠯᠡᠵᠦ ᠬᠠᠮᠢᠶᠠᠷᠬᠤ ᠬᠡᠷᠡᠭᠲᠡᠢ᠃ ᠭᠤᠷᠪᠠ ᠳᠤ᠂ ᠰᠢᠯᠵᠢᠭᠦᠯᠦᠨ ᠵᠥᠭᠡᠭᠡᠪᠦᠷᠢᠯᠡᠪᠡᠯ ᠵᠣᠬᠢᠬᠤ ᠶᠢ ᠨᠢ ᠳᠠᠷᠤᠶᠢᠬᠠᠨ ᠰᠢᠯᠵᠢᠭᠦᠯᠵᠦ᠂ ᠡᠩ ᠲᠡᠷᠢᠭᠦᠨ ᠳᠤ ᠠᠷᠭ᠎ᠠ ᠴᠢᠨᠠᠷᠲᠠᠢ ᠬᠠᠯᠳᠠᠪᠤᠷᠢᠯᠠᠬᠳᠠᠬᠰᠡᠳ ᠢ ᠪᠦᠭᠦᠨ ᠢ ᠡᠮᠨᠡᠯᠭᠡ ᠶᠢᠨ ᠬᠤᠷᠢᠶ᠎ᠠ ᠪᠠ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠰᠢᠯᠵᠢᠭᠦᠯᠭᠦ ᠬᠡᠷᠡᠭᠲᠡᠢ᠃ ᠳᠥᠷᠪᠡ ᠳᠤ᠂ ᠨᠢᠭᠲᠠ ᠣᠶᠢᠷᠠᠲᠤᠭᠰᠠᠳ ᠢ ᠰᠢᠨᠵᠢᠯᠡᠬᠦ ᠤᠬᠠᠭᠠᠨᠴᠢ ᠣᠨᠣᠴᠠᠲᠠᠢ ᠮᠠᠭᠠᠳᠯᠠᠨ ᠲᠣᠭᠲᠠᠭᠠᠵᠤ᠂ ᠲᠤᠬᠠᠢ ᠶᠢᠨ ᠲᠠᠯᠠᠪᠠᠶ ᠶᠢᠨ ᠲᠠᠬᠤᠯ ᠡᠪᠡᠳᠴᠢᠨ ᠤ ᠪᠠᠶᠢᠴᠠᠭᠠᠯᠲᠠ᠂ᠲᠤᠬᠠᠢ ᠶᠢᠨ ᠲᠠᠯᠠᠪᠠᠶ ᠶᠢᠨ ᠰᠤᠳᠤᠯᠤᠨ ᠮᠠᠭᠠᠳᠯᠠᠯᠲᠠ ᠶᠢ ᠪᠠᠷᠢᠮᠲᠠᠯᠠᠵᠤ᠂ ᠣᠷᠬᠢᠭᠳᠠᠭᠤᠯᠵᠤ ᠪᠤᠯᠬᠤ ᠦᠭᠡᠢ᠃ ᠲᠠᠪᠤ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠣᠣᠷ᠎ᠠ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠲᠤ ︽ᠣᠷᠣᠬᠤ︾ ᠶᠢ ᠴᠢᠩᠭ᠎ᠠ ᠬᠠᠮᠢᠶᠠᠷᠴᠤ᠂ ᠥᠨᠳᠥᠷ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠠᠴᠠ ︽ᠭᠠᠷᠬᠤ︾ ᠶᠢ ᠴᠢᠩᠭ᠎ᠠ ᠬᠠᠮᠢᠶᠠᠷᠴᠤ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠨᠡᠶᠢᠭᠡᠮ ᠳᠡᠭᠡᠷᠡᠬᠢ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠬᠡᠷᠡᠭᠲᠡᠢ᠃ ᠵᠢᠷᠭᠤᠭ᠎ᠠ ᠳᠤ᠂ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠤᠯᠤᠭ᠎ᠠ ᠳᠤ᠂ ᠴᠢᠩᠭᠡᠯᠢᠭ ᠡᠮᠨᠡᠯᠭᠡ ᠶᠢᠨ ᠬᠤᠷᠢᠶ᠎ᠠ ᠪᠣᠯᠣᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠣᠲᠣᠷ᠎ᠠ ᠬᠠᠯᠳᠠᠪᠤᠷᠢᠯᠠᠯ ᠡᠭᠦᠰᠭᠦ ᠶᠢ ᠲᠠᠰᠤ ᠰᠡᠷᠭᠡᠶᠢᠯᠡᠵᠦ᠂ ᠣᠨᠣᠰᠢᠯᠠᠭᠳᠠᠭᠰᠠᠨ ᠡᠪᠡᠳᠴᠢᠲᠡᠨ ᠢ ᠪᠦᠭᠦ ᠬᠦᠴᠦ ᠪᠠᠷ ᠢᠶᠠᠨ ᠠᠪᠤᠷᠠᠨ ᠡᠮᠨᠡᠭᠦ ᠬᠡᠷᠡᠭᠲᠡᠢ᠃ ᠨᠠᠢᠮᠠ ᠳᠤ᠂ ︽ᠭᠦᠷᠦᠭᠰᠡᠨ ᠭᠠᠵᠠᠷ ᠲᠤᠨᠢ ᠪᠠᠶᠢᠴᠠᠭᠠᠬᠤ︾ ᠶᠢ ᠴᠢᠩᠭ᠎ᠠ ᠬᠡᠷᠡᠭᠵᠢᠭᠦᠯᠵᠦ᠂ ᠬᠠᠮᠵᠢᠯᠴᠠᠨ ᠪᠠᠶᠢᠴᠠᠭᠠᠬᠤ ᠵᠠᠬᠢᠳᠠᠯ ᠢ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠢᠯᠡᠭᠡᠵᠦ᠂ ᠬᠢᠵᠢᠭ ᠤᠨ ᠬᠠᠯᠳᠠᠪᠤᠷᠢᠯᠠᠨ ᠣᠷᠣᠵᠤ ᠢᠷᠡᠬᠦ ᠪᠠ ᠭᠠᠳᠠᠭᠰᠢ ᠬᠠᠯᠳᠠᠪᠤᠷᠢᠯᠠᠬᠤ ᠶᠢ ᠲᠠᠰᠤ ᠰᠡᠷᠭᠡᠶᠢᠯᠡᠬᠦ ᠬᠡᠷᠡᠭᠲᠡᠢ ᠭᠡᠵᠦ ᠬᠡᠯᠡᠪᠡ᠃ ᠲᠤᠰ ᠣᠷᠣᠢ᠂ ᠸᠠᠩ ᠯᠢ ᠰᠢᠶᠠ ᠪᠠᠰᠠ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|