ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠣᠷᠣᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ  ᠸᠠᠩ ᠯᠢ ᠰᠢᠶᠠ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/1/6

      1 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠣᠷᠣᠯᠴᠠᠬᠤ ᠭᠤᠣᠯ ᠳᠤᠭᠤᠶᠢᠯᠠᠩ 2023 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

      ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠵᠤ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠦᠯᠢᠭᠡᠷ ᠳᠠᠭᠤᠷᠢᠶᠠᠯ ᠦᠵᠡᠭᠦᠯᠵᠦ᠂ ᠬᠡᠪ ᠳᠠᠭᠤᠷᠢᠶᠠᠯ ᠪᠣᠯᠪᠠ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠶᠢ ᠪᠣᠳᠣᠯᠬᠢᠯᠠᠨ ᠶᠡᠭᠡ ᠲᠠᠯ᠎ᠠ ᠳᠤ ᠦᠢᠯᠡᠴᠢᠯᠡᠵᠦ᠂ ︽ᠭᠤᠷᠪᠠᠨ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷᠠᠬᠢ︾ ᠴᠢᠬᠤᠯᠠ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠡᠷᠡᠰ ᠲᠤᠭᠤᠰᠢᠯᠠᠭᠤᠯᠬᠤ ᠬᠡᠷᠡᠭᠲᠡᠢ᠃ ᠪᠡᠶ᠎ᠡ ᠪᠠᠷ ᠢᠶᠠᠨ ᠲᠦᠷᠦᠭᠦᠯᠡᠨ ᠬᠠᠷᠢᠭᠤᠴᠠᠯᠭ᠎ᠠ ᠶᠢ ᠡᠷᠬᠢᠮᠯᠡᠵᠦ᠂ ᠡᠭᠦᠷᠭᠡᠯᠡᠯ ᠢ ᠡᠷᠬᠢᠮᠯᠡᠵᠦ᠂ ᠳᠤᠷᠠᠲᠠᠶ᠎ᠠ ᠡᠭᠦᠷᠭᠡᠯᠡᠬᠦ ᠤᠬᠠᠮᠰᠠᠷ᠂ ᠵᠣᠷᠢᠭᠲᠠᠢ ᠪᠠᠷ ᠡᠭᠦᠷᠭᠡᠯᠡᠬᠦ ᠰᠥᠰᠥ ᠵᠣᠷᠢᠭ᠂ ᠴᠢᠳᠠᠮᠠᠭᠠᠢ ᠪᠠᠷ ᠡᠭᠦᠷᠭᠡᠯᠡᠬᠦ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠲᠤᠭᠤᠰᠢᠯᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠪᠡᠶ᠎ᠡ ᠪᠠᠷ ᠢᠶᠠᠨ ᠲᠦᠷᠦᠭᠦᠯᠡᠨ ᠰᠠᠬᠢᠯᠭ᠎ᠠ ᠪᠠᠲᠤ ᠶᠢ ᠡᠷᠬᠢᠮᠯᠡᠵᠦ᠂ ᠥᠪᠡᠷ ᠢᠶᠠᠨ ᠬᠠᠲᠠᠭᠤ ᠪᠠᠶᠢᠬᠤ᠂ ᠥᠪᠡᠷ ᠢᠶᠠᠨ ᠠᠷᠢᠭᠤᠨ ᠴᠢᠭᠡᠴᠢ ᠪᠠᠶᠢᠬᠤ᠂ ᠥᠪᠡᠷ ᠢᠶᠠᠨ ᠲᠥᠪ ᠴᠢᠬᠡᠴᠢ ᠪᠠᠶᠢᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠦᠷᠭᠡᠨ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠪᠠ ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ᠂ ᠪᠠᠶᠢᠭᠤᠯᠤᠭᠴᠢ᠂ ᠬᠠᠮᠠᠭᠠᠯᠠᠭᠴᠢ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ