︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ  ᠢ ᠨᠡᠶᠢᠲᠡᠯᠡᠪᠡ  ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ ᠨᠠᠮ ᠤᠨ ᠥᠪᠡᠷ ᠪᠡᠶ᠎ᠡ ᠶᠢᠨ ᠬᠤᠪᠢᠰᠬᠠᠯ ᠳᠤ ᠲᠦᠰᠢᠭᠯᠡᠨ ᠲᠡᠦᠬᠡ ᠶᠢᠨ ᠦᠶᠡᠯᠡᠯ ᠤᠨ ᠵᠢᠮ᠎ᠡ ᠶᠢ ᠳᠠᠪᠠᠭᠰᠠᠨ ᠠᠮᠵᠢᠯᠲᠠ ᠲᠠᠢ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/2/1

      2 ᠰᠠᠷ᠎ᠠ ᠶᠢᠨ 1᠎ ᠤ ᠡᠳᠦᠷ ᠬᠡᠪᠯᠡᠭᠳᠡᠭᠰᠡᠨ 3 ᠳ᠋ᠤᠭᠠᠷ ᠬᠤᠭᠤᠴᠠᠭᠠᠨ ᠤ ︽ ᠦᠨᠡᠨ ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ ᠨᠠᠮ ᠤᠨ ᠥᠪᠡᠷ ᠪᠡᠶ᠎ᠡ ᠶᠢᠨ ᠬᠤᠪᠢᠰᠬᠠᠯ ᠎ ᠳᠤ ᠲᠦᠰᠢᠭᠯᠡᠨ ᠲᠡᠦᠬᠡ ᠶᠢᠨ ᠦᠶᠡᠯᠡᠯ ᠤᠨ ᠵᠢᠮ᠎ᠡ ᠎ ᠶᠢ ᠳᠠᠪᠠᠭᠰᠠᠨ ᠠᠮᠵᠢᠯᠲᠠ ᠲᠠᠢ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠬᠤ ᠬᠡᠷᠡᠭᠲᠡᠢ ︾᠎ ᠶᠢ ᠨᠡᠶᠢᠲᠡᠯᠡᠪᠡ ᠃

      ᠵᠣᠬᠢᠶᠠᠯ ᠳᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ 

︽ ᠲᠦᠷᠪᠡᠨ ᠪᠦᠭᠦ ᠲᠠᠯ᠎ᠠ ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ ᠂ ᠤᠷᠢᠳ ᠡᠮᠦᠨ᠎ᠡ ᠪᠠᠶᠢᠭ᠎ᠠ ᠦᠭᠡᠢ ᠰᠥᠰᠥ ᠵᠣᠷᠢᠭ ᠪᠣᠯᠣᠨ ᠲᠣᠭᠲᠠᠯ ᠬᠦᠴᠦᠨ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠵᠤ ᠂ ᠤᠯᠠᠨ ᠵᠢᠯ ᠤᠨ ᠲᠤᠷᠰᠢ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠵᠤ ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠠᠷᠬᠠᠭ ᠭᠡᠮ ᠢ ᠰᠢᠢᠳᠪᠦᠷᠢᠯᠡᠵᠦ ᠂ ᠨᠠᠮ ᠂ ᠤᠯᠤᠰ ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭᠰᠠᠨ ᠬᠦᠨᠳᠦ ᠨᠣᠴᠢᠲᠠᠢ ᠭᠡᠮ ᠰᠣᠭᠤᠭ ᠢ ᠠᠷᠢᠯᠭᠠᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠪᠠ ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠡᠦᠬᠡᠲᠦ ᠴᠢᠨᠠᠷᠲᠠᠢ ᠂ ᠡᠭᠦᠳᠦᠯᠲᠡ ᠶᠢᠨ ᠴᠢᠨᠠᠷᠲᠠᠢ ᠠᠮᠵᠢᠯᠲᠠ ᠣᠯᠵᠤ ᠂ ᠪᠦᠭᠦ ᠲᠠᠯ᠎ᠠ ᠶᠢᠨ ᠂ ᠭᠦᠨ ᠳᠠᠪᠬᠤᠷᠭ᠎ᠠ ᠶᠢᠨ ᠨᠥᠯᠥᠭᠡ ᠭᠠᠷᠴᠠᠢ ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠵᠤ ᠂ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠵᠣᠬᠢᠶᠠᠯ ᠳᠤ ᠂ ᠪᠢ ᠦᠷᠭᠦᠯᠵᠢ ᠲᠡᠦᠬᠡ ᠶᠢᠨ ᠦᠶᠡᠯᠡᠯ ᠤᠨ ᠵᠢᠮ᠎ᠡ ᠶᠢ ᠬᠡᠷᠬᠢᠨ ᠳᠠᠪᠠᠭ᠋ᠤ ᠠᠰᠠᠭᠤᠳᠠᠯ ᠢ ᠶᠠᠷᠢᠳᠠᠭ ᠂ ᠡᠨᠡ ᠪᠣᠯ ᠨᠠᠮ ᠤᠨ ᠮᠢᠩᠭᠠᠨ ᠣᠨ ᠤ ᠠᠭᠤᠤ ᠦᠢᠯᠡᠰ ᠲᠠᠢ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠮᠥᠨ ᠂ ᠨᠠᠮ ᠤᠨ ᠮᠠᠨᠳᠤᠵᠤ ᠮᠥᠭᠦᠭᠦ ᠲᠠᠢ ᠬᠤᠯᠪᠣᠭᠳᠠᠵᠤ ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠲᠠᠢ ᠬᠤᠯᠪᠣᠭᠳᠠᠨ᠎ᠠ ᠃ ᠲᠡᠦᠬᠡ ᠶᠢᠨ ᠦᠶᠡᠯᠡᠯ ᠤᠨ ᠵᠢᠮ᠎ᠡ ᠶᠢ ᠬᠡᠷᠬᠢᠨ ᠳᠠᠪᠠᠭ᠋ᠤ ᠪᠤᠢ︖ ᠨᠠᠮ ᠢᠮᠠᠭᠲᠠ ᠰᠡᠳᠬᠢᠨ ᠪᠣᠳᠣᠯᠬᠢᠯᠠᠵᠤ ᠂ ᠬᠠᠶᠢᠨ ᠰᠦᠪᠡᠭᠴᠢᠯᠡᠭᠰᠡᠭᠡᠷ ᠢᠷᠡᠵᠠᠢ ᠃ ᠮᠠᠤ ᠽᠧ ᠳ᠋ᠦᠩ ᠨᠥᠬᠦᠷ ᠶᠠᠨ ᠠᠨ ᠤ ᠨᠦᠭᠡᠨ ᠭᠡᠷ ᠲᠤ ︽ ᠠᠷᠠᠳ ᠲᠦᠮᠡᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠤᠨ᠎ᠠ ︾ ᠭᠡᠰᠡᠨ ᠨᠢᠭᠡᠳᠦᠭᠡᠷ ᠬᠠᠷᠢᠭᠤᠯᠲᠠ ᠶᠢ ᠥᠭᠭᠦᠭᠰᠡᠨ ᠶᠤᠮ ︔ ᠵᠠᠭᠤᠨ ᠵᠢᠯ ᠤᠨ ᠲᠡᠮᠡᠴᠡᠯ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢᠨ᠎ᠡ ᠦᠢᠯᠡᠳᠦᠯᠭᠡ ᠪᠠᠷ ᠳᠠᠮᠵᠢᠭᠠᠳ ᠂ ᠨᠠᠮ ᠠᠴᠠ ᠪᠠᠰᠠ ᠬᠤᠶᠠᠳᠠᠭᠢ ᠬᠠᠷᠢᠭᠤᠯᠲᠠ ᠥᠭᠪᠡ ᠂ ᠳᠠᠷᠤᠢ ᠥᠪᠡᠷ ᠪᠡᠶ᠎ᠡ ᠎ ᠶᠢᠨ ᠬᠤᠪᠢᠰᠬᠠᠯ ᠬᠢᠬᠦ ᠶᠠᠪᠤᠳᠠᠯ ᠪᠣᠯᠣᠨ᠎ᠠ ᠃ ᠥᠪᠡᠷ ᠪᠡᠶ᠎ᠡ ᠎ ᠶᠢᠨ ᠬᠤᠪᠢᠰᠬᠠᠯ ᠬᠢᠬᠦ ᠪᠣᠯ ᠳᠠᠷᠤᠢ ᠺᠠᠯᠼ ᠨᠥᠬᠦᠪᠦᠷᠢᠯᠡᠵᠦ ᠶᠠᠰᠤ ᠪᠠᠨ ᠴᠢᠭᠢᠷᠠᠭᠵᠢᠭᠤᠯᠵᠤ ᠂ ᠬᠤᠣᠷ ᠢ ᠠᠷᠢᠯᠭᠠᠨ ᠪᠠᠺᠲ᠋ᠧᠷᠢ ᠶᠢ ᠤᠰᠠᠳᠬᠠᠵᠤ ᠂ ᠪᠠᠭᠠᠲᠤᠷ ᠡᠷ᠎ᠡ ᠪᠠᠭᠤᠤ ᠪᠠᠨ ᠴᠠᠪᠴᠢᠵᠤ ᠂ ᠢᠯᠵᠠᠷᠠᠬᠤ ᠶᠢ ᠠᠷᠢᠯᠭᠠᠵᠤ ᠂ ᠨᠠᠮ ᠤᠨ ᠡᠷᠡᠭᠦᠯ ᠴᠢᠭᠢᠷᠠᠭ ᠪᠡᠶ᠎ᠡ ᠮᠠᠬᠠᠪᠤᠳ ᠢ ᠢᠳᠡᠭᠳᠡᠭᠦᠯᠵᠦ ᠪᠠᠶᠢᠭ᠎ᠠ ᠸᠢᠷᠦ᠋ᠰ ᠢ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ ᠂ ᠥᠪᠡᠷ ᠤᠨ ᠡᠭᠡᠯᠢᠯᠡᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠲᠦᠷᠦ ᠵᠠᠰᠠᠭ ᠮᠥᠭᠦᠭᠦ ᠶᠢ ᠰᠡᠷᠭᠡᠶᠢᠯᠡᠬᠦ ᠶᠠᠪᠤᠳᠠᠯ ᠪᠣᠯᠣᠨ᠎ᠠ ᠃ ᠵᠣᠷᠢᠭᠲᠠᠢ ᠪᠠᠷ ᠥᠪᠡᠷ  ᠪᠡᠶ᠎ᠡ ᠎ ᠶᠢᠨ ᠬᠤᠪᠢᠰᠬᠠᠯ ᠬᠢᠬᠦ ᠪᠠ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠪᠣᠯ ᠳᠣᠲᠣᠭᠠᠳᠤ ᠳᠠᠭᠠᠨ ᠨᠢᠭᠡᠳᠦᠯᠲᠡᠢ ᠪᠠᠶᠢᠳᠠᠭ ᠂ ᠴᠥᠮ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠢᠷᠡᠯᠲᠡ ᠲᠠᠢ ᠶᠤᠮ ᠃ ᠵᠠᠭᠤᠨ ᠵᠢᠯ ᠤᠨ ᠲᠤᠷᠰᠢ ᠂ ᠨᠠᠮ ᠤᠨ ᠭᠠᠳᠠᠭᠠᠳᠤ ᠳᠠᠭᠠᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠲᠦᠰᠢᠭᠯᠡᠵᠦ ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ ᠂ ᠳᠣᠲᠣᠭᠠᠳᠤ ᠳᠠᠭᠠᠨ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠳᠤ ᠲᠦᠰᠢᠭᠯᠡᠵᠦ ᠂ ᠥᠪᠡᠷ ᠪᠡᠶ᠎ᠡ ᠎ ᠶᠢᠨ ᠬᠤᠪᠢᠰᠬᠠᠯ ᠬᠢᠬᠦ ᠶᠢ ᠠᠬᠢᠭᠤᠯᠵᠤ ᠂ ᠵᠣᠷᠢᠭᠲᠠᠢ ᠪᠠᠷ ᠦᠨᠡᠨ ᠶᠣᠰᠣ ᠶᠢ ᠪᠠᠷᠢᠮᠲᠠᠯᠠᠵᠤ ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ ᠂ ᠵᠣᠷᠢᠭᠲᠠᠢ ᠪᠠᠷ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ ᠂ ᠵᠣᠷᠢᠭᠲᠠᠢ ᠪᠠᠷ ᠶᠠᠰᠤ ᠪᠠᠨ ᠬᠤᠰᠤᠵᠤ ᠬᠤᠣᠷ ᠢᠶᠠᠨ ᠡᠮᠨᠡᠵᠦ ᠂ ᠨᠠᠮ ᠤᠨ ᠥᠨᠢ ᠡᠭᠦᠷᠢᠳᠡ ᠬᠥᠭᠵᠢᠨ ᠮᠠᠨᠳᠤᠵᠤ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠪᠠᠲᠤᠯᠠᠵᠠᠢ ᠭᠡᠵᠦ ᠵᠢᠭᠠᠵᠤ ᠭᠠᠷᠭᠠᠪᠠ ᠃

      ᠵᠣᠬᠢᠶᠠᠯ ᠳᠤ ᠂ ᠪᠦᠭᠦ ᠲᠠᠯ᠎ᠠ  ᠪᠠᠷ ᠨᠠᠮ  ᠢ ᠴᠢᠩᠭ᠎ᠠ ᠵᠠᠰᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠥᠪᠡᠷ  ᠪᠡᠶ᠎ᠡ ᠎ ᠶᠢᠨ ᠬᠤᠪᠢᠰᠬᠠᠯ ᠬᠢᠬᠦ ᠠᠭᠤᠤ ᠶᠡᠭᠡ ᠦᠢᠯᠡᠳᠦᠯᠭᠡ ᠮᠥᠨ ᠂ ᠵᠠᠭᠤᠨ ᠵᠢᠯ ᠤᠨ ᠲᠣᠮᠣ ᠨᠠᠮ ᠤᠨ ᠥᠪᠡᠷ ᠪᠡᠶ᠎ᠡ ᠎ ᠶᠢᠨ ᠬᠤᠪᠢᠰᠬᠠᠯ ᠬᠢᠬᠦ ᠰᠢᠨ᠎ᠡ ᠠᠬᠤᠢ ᠪᠠᠶᠢᠳᠠᠯ ᠢ ᠨᠡᠭᠡᠭᠡᠪᠡ ᠃ ᠨᠢᠭᠡᠳᠦᠭᠡᠷ ᠲᠤ ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ  ᠶᠢ ᠪᠠᠷᠢᠮᠲᠠᠯᠠᠵᠤ ᠂ ᠥᠪᠡᠷ  ᠪᠡᠶ᠎ᠡ ᠎ ᠶᠢᠨ ᠬᠤᠪᠢᠰᠬᠠᠯ ᠬᠢᠬᠦ ᠤᠯᠤᠰ ᠲᠦᠷᠦ ᠶᠢᠨ ᠦᠨᠳᠦᠰᠦᠨ ᠴᠢᠭᠯᠡᠯ ᠢ ᠪᠠᠲᠤ ᠰᠠᠬᠢᠬᠤ ᠬᠡᠷᠡᠭᠲᠡᠢ ᠃ ᠬᠤᠶᠠᠳᠤᠭᠠᠷ ᠲᠤ ᠂ ᠦᠵᠡᠯ ᠰᠠᠨᠠᠭᠠᠨ ᠤ ᠪᠠᠶᠢᠭᠤᠯᠤᠯᠲᠠ ᠪᠠᠷ ᠨᠠᠮ ᠤᠨ ᠰᠠᠭᠤᠷᠢ ᠴᠢᠨᠠᠷᠲᠠᠢ ᠪᠠᠶᠢᠭᠤᠯᠤᠯᠲᠠ ᠪᠤᠯᠭᠠᠬᠤ ᠶᠢ ᠪᠠᠷᠢᠮᠲᠠᠯᠠᠵᠤ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠦᠵᠡᠯ ᠰᠠᠨᠠᠭᠠᠨ ᠤ ᠬᠤᠷᠴᠠ ᠵᠡᠪᠰᠡᠭ ᠢ ᠳᠠᠪᠲᠠᠨ ᠪᠤᠯᠪᠠᠰᠤᠷᠠᠭᠤᠯᠬᠤ ᠬᠡᠷᠡᠭᠲᠡᠢ ᠃ ᠭᠤᠷᠪᠠᠳᠤᠭᠠᠷ ᠲᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ ᠂ ᠰᠠᠬᠢᠯᠭ᠎ᠠ ᠪᠠᠲᠤ ᠶᠢ ᠴᠢᠩᠳᠠᠯᠠᠨ ᠰᠤᠷᠲᠠᠯ ᠢ ᠴᠡᠭᠴᠡᠯᠡᠵᠦ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠦᠲᠦᠮᠵᠢᠲᠡᠢ ᠠᠷᠭ᠎ᠠ ᠵᠠᠮ ᠢ ᠪᠠᠶᠠᠯᠢᠭᠵᠢᠭᠤᠯᠬᠤ ᠬᠡᠷᠡᠭᠲᠡᠢ ᠃ ᠳᠥᠷᠪᠡᠳᠦᠭᠡᠷ ᠲᠤ ᠂ ᠰᠦᠷ ᠳᠠᠯᠠᠶᠢᠴᠠᠲᠠᠢ ᠪᠠᠷ ᠢᠯᠵᠠᠷᠠᠯ ᠢ ᠡᠰᠡᠷᠭᠦᠴᠡᠨ ᠬᠠᠷᠭᠢᠰ ᠬᠦᠴᠦᠨ ᠢ ᠵᠠᠯᠬᠠᠭᠠᠬᠤ ᠶᠢ ᠪᠠᠷᠢᠮᠲᠠᠯᠠᠵᠤ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠤᠳᠠᠭᠠᠨ ᠳᠠᠭᠠᠭᠠᠮᠠᠭᠠᠢ ᠲᠠᠶᠢᠨ ᠢ ᠰᠠᠶᠢᠲᠤᠷ ᠬᠢᠬᠦ ᠬᠡᠷᠡᠭᠲᠡᠢ ᠃ ᠲᠠᠪᠤᠳᠤᠭᠠᠷ ᠲᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠶᠢ ᠪᠠᠷᠢᠮᠲᠠᠯᠠᠵᠤ ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠬᠦ ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠺᠠᠳ᠋ᠷ ᠤᠨ ᠡᠩᠨᠡᠭᠡ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ ᠃ ᠵᠢᠷᠭᠤᠳᠤᠭᠠᠷ ᠲᠤ ᠂ ᠥᠪᠡᠷ ᠢ ᠪᠠᠨ ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠪᠠᠶᠢᠭᠤᠯᠬᠤ ᠶᠢ ᠪᠠᠷᠢᠮᠲᠠᠯᠠᠵᠤ ᠂ ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠵᠣᠬᠢᠶᠠᠯ ᠳᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠮᠠᠷᠺᠰ ᠤᠨ ᠦᠵᠡᠯ ᠤᠨ ᠨᠠᠮ ᠪᠠᠶᠢᠭᠤᠯᠬᠤ ᠰᠤᠷᠭᠠᠯ ᠢ ᠵᠠᠯᠭᠠᠮᠵᠢᠯᠠᠨ ᠬᠥᠭᠵᠢᠭᠦᠯᠵᠦ ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ ᠂ ᠨᠠᠮ ᠢ ᠬᠠᠮᠢᠶᠠᠷᠬᠤ ᠨᠠᠮ ᠢ ᠵᠠᠰᠠᠬᠤ ᠦᠢᠯᠡᠳᠦᠯᠭᠡ ᠶᠢᠨ ᠰᠢᠨ᠎ᠡ ᠡᠭᠦᠳᠦᠯᠲᠡ ᠂ ᠤᠨᠤᠯ ᠤᠨ ᠰᠢᠨ᠎ᠡ ᠡᠭᠦᠳᠦᠯᠲᠡ ᠂ ᠳᠦᠷᠢᠮ ᠤᠨ ᠰᠢᠨ᠎ᠡ ᠡᠭᠦᠳᠦᠯᠲᠡ ᠶᠢ ᠭᠦᠨᠵᠡᠭᠡᠢ ᠠᠬᠢᠭᠤᠯᠵᠤ ᠂ ᠶᠠᠮᠠᠷᠰᠢᠤ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ ᠂ ᠬᠡᠷᠬᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠰᠢᠨ᠎ᠡ ᠥᠨᠳᠥᠷᠴᠡ ᠳᠤ ᠬᠦᠷᠴᠡᠢ ᠃ ︵ ᠨᠢᠭᠡ ︶ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠎ᠠ ᠃ ︵ ᠬᠤᠶᠠᠷ ︶ ᠨᠠᠮ ᠨᠢ ᠨᠠᠮ ᠢᠶᠠᠨ ᠬᠠᠮᠢᠶᠠᠷᠬᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ ᠂ ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠤᠨ᠎ᠠ ᠃ ︵ ᠭᠤᠷᠪᠠ ︶ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ ᠂ ᠪᠦᠭᠦ ᠨᠠᠮ ᠤᠨ ᠤᠯᠤᠰ ᠲᠥᠷᠥ ᠶᠢᠨ ᠵᠣᠭᠰᠣᠯᠲᠠ ᠂ ᠤᠯᠤᠰ ᠲᠥᠷᠥ ᠶᠢᠨ ᠴᠢᠭᠯᠡᠯ ᠂ ᠤᠯᠤᠰ ᠲᠥᠷᠥ ᠶᠢᠨ ᠵᠠᠷᠴᠢᠮ ᠂ ᠤᠯᠤᠰ ᠲᠥᠷᠥ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠨ᠎ᠠ ᠃ ︵ ᠳᠥᠷᠪᠡ ︶ ᠴᠢᠩᠭ᠎ᠠ ᠪᠠᠶᠢᠬᠤ ᠭᠤᠣᠯ ᠭᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ ᠂ ᠴᠠᠭ ᠦᠶᠡᠴᠢ ᠴᠢᠨᠠᠷ ᠂ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠎ᠡ ᠃ ︵ ᠲᠠᠪᠤ ︶ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠂ ᠰᠢᠯᠢᠳᠡᠭ ᠰᠠᠶᠢᠨ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠥᠭᠡᠳᠡᠯᠡᠨ ᠲᠠᠪᠰᠢᠬᠤ ᠶᠢ ᠲᠠᠶᠢᠴᠢᠯᠠᠨ᠎ᠠ ᠃ ︵ ᠵᠢᠷᠭᠤᠭ᠎ᠠ ︶ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠬᠡᠬᠦ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠢᠯᠵᠠᠷᠠᠯ ᠢ ᠡᠰᠡᠷᠭᠦᠴᠡᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ ᠃ ︵ ᠲᠤᠯᠤᠭ᠎ᠠ ︶ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠯᠢᠪᠠ ᠢᠯᠵᠠᠷᠠᠯ ᠪᠠ ᠲᠥᠪ ᠪᠤᠰᠤ ᠰᠤᠷᠲᠠᠯ ᠢ ᠵᠠᠯᠠᠷᠠᠭᠤᠯᠬᠤ ᠶᠢ ᠪᠠᠷᠢᠮᠲᠠᠯᠠᠵᠤ ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠨ᠎ᠠ ᠭᠡᠰᠡᠨ ᠲᠥᠷᠥᠭᠳᠡᠯ ᠢ ᠥᠭᠭᠦᠨ᠎ᠡ ᠃ ︵ ᠨᠠᠢᠮᠠ ︶ ︽ ᠵᠠᠩᠭᠢᠯᠠᠭ᠎ᠠ ᠶᠢᠨ ᠴᠥᠭᠡᠨ ᠲᠣᠭᠠᠲᠠᠨ ︾᠎ ᠢ ᠠᠳᠬᠤᠬᠤ ᠳᠤ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠤᠨ᠎ᠠ ᠃ ︵ ᠶᠢᠰᠦ ︶ ᠨᠠᠮ ᠪᠠ ᠤᠯᠤᠰ ᠤᠨ ᠬᠢᠨᠠᠯᠲᠠ ᠲᠠᠯᠪᠢᠬᠤ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠂ ᠪᠦᠭᠦ ᠲᠠᠯ᠎ᠠ ᠶᠢ ᠬᠠᠮᠤᠷᠤᠭᠰᠠᠨ ᠂ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠨ᠎ᠠ ᠭᠡᠵᠦ ᠵᠢᠭᠠᠵᠤ ᠭᠠᠷᠭᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ