ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/2/1

      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠨᠠᠷᠢᠨ ᠳᠦᠷᠢᠮ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄

      ᠨᠢᠭᠡ᠂ ᠨᠣᠣᠷᠠᠭᠯᠠᠭᠰᠠᠨ ᠠᠬᠤᠢ ᠪᠠᠶᠢᠳᠠᠯ

      ᠪᠥᠬᠦ ᠤᠯᠤᠰ ᠲᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠣᠯᠠᠨᠲᠠ ᠡᠭᠦᠰᠴᠦ᠂ ᠳᠠᠬᠢᠨ ᠳᠠᠪᠲᠠᠨ ᠴᠠᠭᠠᠵᠠᠯᠠᠭᠰᠠᠨ ᠴᠤ ᠬᠤᠷᠢᠭᠯᠠᠵᠤ ᠳᠡᠶᠢᠯᠬᠦ ᠦᠭᠡᠢ᠂ ᠵᠠᠯᠠᠷᠠᠭᠤᠯᠤᠭᠰᠠᠨ ᠴᠤ ᠳᠠᠬᠢᠨ ᠡᠭᠦᠰᠴᠦ ᠪᠠᠶᠢᠭ᠎ᠠ ᠣᠳᠣᠬᠢ ᠪᠠᠶᠢᠳᠠᠯ ᠳᠤ ᠴᠢᠭᠯᠡᠭᠦᠯᠦᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ 2021 ᠣᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 737 ᠳ᠋ᠤᠭᠠᠷ ᠲᠣᠭᠠᠲᠤ ᠵᠠᠷᠯᠢᠭ᠂ ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠨᠡᠶᠢᠲᠡᠯᠡᠨ ᠬᠡᠷᠡᠭᠵᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠶᠢ ᠬᠠᠤᠯᠢᠵᠢᠭᠤᠯᠬᠤ᠂ ᠵᠢᠷᠤᠮᠵᠢᠭᠤᠯᠬᠤ ᠵᠠᠮ ᠳᠤ ᠣᠷᠣᠭᠤᠯᠪᠠ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠯᠡᠳᠡᠭᠡᠯ ᠪᠡᠯᠡ ᠮᠥᠩᠭᠦ ᠶᠢ ᠠᠷᠢᠯᠭᠠᠨ᠂ ᠪᠡᠯᠡ ᠮᠥᠩᠭᠦ ᠶᠢᠨ ᠨᠡᠮᠡᠭᠳᠡᠯ ᠢ ᠬᠤᠷᠢᠭᠯᠠᠵᠤ᠂ ᠪᠡᠯᠡ ᠮᠥᠩᠭᠦ ᠶᠢᠨ ᠬᠤᠪᠢᠰᠤᠯᠲᠠ ᠶᠢ ᠰᠡᠷᠭᠡᠶᠢᠯᠡᠨ ᠡᠵᠡᠮᠳᠡᠵᠦ᠂ ᠢᠳᠡᠪᠬᠢᠲᠡᠢ ᠦᠷ᠎ᠡ ᠪᠦᠲᠦᠮᠵᠢ ᠣᠯᠵᠤ᠂ ᠲᠦᠭᠰᠢᠭᠦᠷᠢ ᠶᠢ ᠶᠡᠷᠦᠩᠬᠡᠢ ᠳᠤ ᠪᠠᠨ ᠡᠵᠡᠮᠳᠡᠵᠦ ᠳᠡᠶᠢᠯᠬᠦ ᠪᠣᠯᠪᠠ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠦᠴᠦ ᠪᠠᠨ ᠬᠠᠮᠲᠤᠳᠬᠠᠨ ᠬᠠᠮᠵᠢᠯᠴᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠶᠡᠷᠦᠩᠬᠡᠶᠢᠯᠡᠨ ᠵᠠᠰᠠᠬᠤ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ︽ᠳᠦᠷᠢᠮ︾᠎ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ︽ᠨᠠᠷᠢᠨ ᠳᠦᠷᠢᠮ︾᠎ ᠢ ᠲᠣᠭᠲᠠᠭᠠᠪᠠ᠃

      ᠬᠤᠶᠠᠷ᠂ ᠨᠣᠣᠷᠠᠭᠯᠠᠭᠰᠠᠨ ᠶᠠᠪᠤᠴᠠ

      ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ︽ᠠᠮᠤᠭᠤᠯᠠᠩ ᠳᠤᠮᠳᠠᠳᠤ ᠤᠯᠤᠰ︾᠎ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠤᠬᠠᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠱᠠᠭᠠᠷᠳᠠᠯᠭ᠎ᠠ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠠᠬ᠎ᠠ ᠳᠡᠭᠦᠦ ᠮᠤᠵᠢ ᠣᠷᠣᠨ ᠤ ᠡᠷᠬᠢᠮ ᠨᠠᠨᠳᠢᠨ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ 2022 ᠣᠨ ᠤ 9 ᠳ᠋ᠦ᠋ᠭᠡᠷ ᠰᠠᠷ᠎ᠠ ᠳᠤ ︽ᠨᠠᠷᠢᠨ ᠳᠦᠷᠢᠮ ︵ᠰᠠᠨᠠᠯ ᠬᠤᠷᠢᠶᠠᠬᠤ ᠨᠣᠣᠷᠠᠭ︶︾᠎ ᠢ ᠲᠤᠭᠤᠷᠪᠢᠨ ᠪᠢᠴᠢᠵᠦ ᠨᠡᠶᠢᠭᠡᠮ ᠤᠨ ᠣᠯᠠᠨ ᠲᠦᠮᠡᠨ᠂ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ︵ᠬᠢᠨᠠᠨ︶ ᠬᠠᠮᠢᠶᠠᠷᠬᠤ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠠᠴᠠ ᠰᠠᠨᠠᠯ ᠰᠠᠨᠠᠭᠤᠯᠭ᠎ᠠ ᠬᠤᠷᠢᠶᠠᠭᠰᠠᠨ ᠤ ᠬᠠᠮᠲᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃

      ᠭᠤᠷᠪᠠ᠂ ᠭᠤᠣᠯ ᠠᠭᠤᠯᠭ᠎ᠠ

      ︽ᠨᠠᠷᠢᠨ ᠳᠦᠷᠢᠮ︾᠎ ᠢ ᠶᠡᠷᠦᠩᠬᠡᠢ ᠳᠦᠷᠢᠮ᠂ ᠰᠡᠷᠭᠡᠶᠢᠯᠡᠯᠲᠡ᠂ ᠪᠠᠶᠢᠴᠠᠭᠠᠯᠲᠠ ᠪᠠ ᠰᠢᠢᠳᠪᠦᠷᠢᠯᠡᠯᠲᠡ᠂ ᠳᠠᠭᠠᠯᠳᠤᠭᠤᠯᠤᠭᠰᠠᠨ ᠳᠦᠷᠢᠮ ᠭᠡᠬᠦ ᠳᠥᠷᠪᠡᠨ ᠪᠦᠯᠦᠭ ᠬᠤᠪᠢᠶᠠᠵᠤ᠂ ᠨᠡᠶᠢᠲᠡ ᠳᠥᠴᠢᠨ ᠨᠢᠭᠡᠨ ᠵᠦᠢᠯ ᠪᠣᠢ᠃

      ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠡᠶᠢᠲᠡ ᠲᠤᠯᠤᠭᠠᠨ ᠵᠦᠢᠯ ᠪᠠᠶᠢᠵᠤ᠂ ᠭᠤᠣᠯᠳᠠᠭᠤ ︽ᠨᠠᠷᠢᠨ ᠳᠦᠷᠢᠮ︾᠎ ᠢ ᠲᠣᠭᠲᠠᠭᠠᠭᠰᠠᠨ ᠵᠣᠷᠢᠯᠭ᠎ᠠ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠦᠨᠳᠦᠰᠦᠨ ᠵᠠᠷᠴᠢᠮ᠂ ᠪᠥᠬᠦ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠲᠣᠭᠲᠠᠴᠠ ᠵᠢᠴᠢ ᠲᠦᠷᠦᠭᠦᠯᠡᠨ ᠬᠢᠬᠦ ᠰᠠᠯᠠᠭ᠎ᠠ ᠮᠥᠴᠢᠷ᠂ ᠠᠵᠢᠯᠲᠠᠨ ᠤ ᠵᠠᠷᠤᠳᠠᠯ ᠤᠨ ᠲᠥᠰᠥᠪ ᠤᠨ ᠪᠠᠲᠤᠯᠠᠭ᠎ᠠ ᠪᠠ ᠰᠢᠯᠭᠠᠨ ᠬᠢᠨᠠᠬᠤ ᠲᠣᠭᠲᠠᠴᠠ ᠵᠡᠷᠭᠡ ᠶᠢ ᠲᠣᠳᠣᠷᠬᠠᠶᠢᠯᠠᠪᠠ᠃

      ᠬᠤᠶᠠᠳᠤᠭᠠᠷ ᠪᠦᠯᠦᠭ ᠨᠢ ᠰᠡᠷᠭᠡᠶᠢᠯᠡᠯᠲᠡ᠂ ᠨᠡᠶᠢᠲᠡ ᠠᠷᠪᠠᠨ ᠭᠤᠷᠪᠠᠨ ᠵᠦᠢᠯ ᠪᠠᠶᠢᠵᠤ᠂ ᠭᠤᠣᠯᠳᠠᠭᠤ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠲᠦᠷᠦᠭᠦᠯᠡᠨ ᠬᠢᠬᠦ ᠰᠠᠯᠠᠭ᠎ᠠ ᠮᠥᠴᠢᠷ᠂ ᠠᠵᠢᠯ ᠲᠥᠷᠥᠯ ᠤᠨ ᠭᠤᠣᠯᠴᠢᠯᠠᠨ ︵ᠬᠢᠨᠠᠨ︶ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠰᠢᠨᠵᠢᠯᠡᠵᠦ ᠰᠡᠷᠡᠮᠵᠢᠯᠡᠭᠦᠯᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠩᠰᠡᠯᠡᠨ ᠬᠠᠮᠢᠶᠠᠷᠬᠤ᠂ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢ ᠬᠢᠨᠠᠨ ᠰᠢᠨᠵᠢᠯᠡᠬᠦ᠂ ᠵᠠᠷ ᠮᠡᠳᠡᠭᠡ ᠶᠢ ᠬᠢᠨᠠᠨ ᠰᠢᠨᠵᠢᠯᠡᠬᠦ᠂ ᠰᠡᠵᠢᠭᠯᠡᠯᠲᠡᠢ ᠪᠡᠯᠡ ᠮᠥᠩᠭᠦ ᠶᠢ ᠬᠢᠨᠠᠨ ᠰᠢᠨᠵᠢᠯᠡᠬᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠤᠬᠠᠭᠤᠯᠤᠨ ᠬᠥᠮᠥᠵᠢᠭᠦᠯᠬᠦ᠂ ᠱᠠᠩᠨᠠᠯ ᠲᠠᠢ ᠢᠯᠡᠴᠢᠯᠡᠨ ᠮᠡᠳᠡᠭᠦᠯᠬᠦ᠂ ᠰᠡᠷᠡᠮᠵᠢᠯᠡᠭᠦᠯᠵᠦ ᠪᠣᠯᠵᠣᠨ ᠶᠠᠷᠢᠯᠴᠠᠬᠤ᠂ ᠲᠦᠭᠰᠢᠭᠦᠷᠢ ᠶᠢᠨ ᠰᠠᠨᠠᠭᠤᠯᠤᠮᠵᠢ ᠥᠭᠬᠦ᠂ ᠮᠡᠳᠡᠭᠡ ᠵᠠᠩᠭᠢ ᠴᠤᠭᠯᠠᠭᠤᠯᠬᠤ ᠵᠡᠷᠭᠡ ᠲᠠᠯ᠎ᠠ ᠶᠢᠨ ᠪᠣᠳᠠᠲᠠᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃

      ᠭᠤᠷᠪᠠᠳᠤᠭᠠᠷ ᠪᠦᠯᠦᠭ ᠨᠢ ᠪᠠᠶᠢᠴᠠᠭᠠᠯᠲᠠ ᠪᠠ ᠰᠢᠢᠳᠪᠦᠷᠢᠯᠡᠯᠲᠡ᠂ ᠨᠡᠶᠢᠳᠡ ᠠᠷᠪᠠ ᠶᠢᠰᠦᠨ ᠵᠦᠢᠯ ᠪᠠᠶᠢᠵᠤ᠂ ᠭᠤᠣᠯᠳᠠᠭᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠶᠢ ᠪᠠᠶᠢᠴᠠᠭᠠᠬᠤ ᠭᠤᠣᠯᠳᠠᠯᠭ᠎ᠠ᠂ ᠬᠡᠷᠡᠭ ᠤᠨ ᠬᠠᠷᠢᠶᠠᠯᠠᠯ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠵᠣᠬᠢᠶᠠᠨ ᠪᠠᠶᠢᠭᠤᠯᠵᠤ ᠪᠠᠶᠢᠴᠠᠭᠠᠬᠤ᠂ ᠲᠦᠷ ᠴᠠᠭ ᠬᠠᠮᠢᠶᠠᠷᠤᠨ ᠡᠵᠡᠮᠳᠡᠬᠦ᠂ ᠰᠤᠳᠤᠯᠤᠨ ᠮᠠᠭᠠᠳᠯᠠᠵᠤ ᠲᠣᠭᠲᠠᠭᠠᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠬᠠᠮᠵᠢᠯᠴᠠᠨ ᠠᠵᠢᠯᠯᠠᠵᠤ ᠬᠤᠯᠪᠣᠭᠠᠯᠠᠨ ᠬᠥᠳᠡᠯᠦᠯᠴᠡᠬᠦ᠂ ᠨᠠᠶᠢᠳᠠᠵᠤ ᠬᠢᠨᠠᠨ ᠲᠣᠭᠲᠠᠭᠠᠯᠭᠠᠬᠤ᠂ ᠡᠷᠡᠭᠦᠦ ᠰᠢᠢᠳᠬᠡᠯ ᠢ ᠭᠦᠢᠴᠡᠳᠬᠡᠨ ᠵᠣᠯᠭᠠᠭᠤᠯᠬᠤ᠂ ᠢᠯᠭᠠᠷᠠᠭᠤᠯᠤᠨ ᠪᠤᠴᠠᠭᠠᠬᠤ ᠳᠤ ᠬᠢᠨᠠᠯᠲᠠ ᠲᠠᠯᠪᠢᠬᠤ᠂ ᠬᠠᠷᠢᠭᠤᠴᠠᠯᠭ᠎ᠠ ᠨᠡᠬᠡᠮᠵᠢᠯᠡᠬᠦ᠂ ᠬᠡᠷᠡᠭ ᠢ ᠳᠠᠭᠤᠰᠬᠠᠵᠤ ᠮᠡᠳᠡᠭᠦᠯᠬᠦ᠂ ᠲᠡᠮᠵᠢᠨ ᠬᠠᠮᠵᠢᠯᠴᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃

      ᠳᠥᠷᠪᠡᠳᠦᠭᠡᠷ ᠪᠦᠯᠦᠭ ᠨᠢ ᠳᠠᠭᠠᠯᠳᠤᠭᠤᠯᠤᠭᠰᠠᠨ ᠳᠦᠷᠢᠮ᠂ ᠨᠡᠶᠢᠲᠡ ᠬᠤᠶᠠᠷ ᠵᠦᠢᠯ ᠪᠠᠶᠢᠵᠤ᠂ ᠲᠠᠶᠢᠯᠪᠤᠷᠢᠯᠠᠬᠤ ᠡᠷᠬᠡ ᠪᠠ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠳᠣᠷᠬᠠᠶᠢᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ