ᠠᠯᠠᠱᠠ ᠠᠶᠢᠮᠠᠭ᠄ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2023/2/1

      2022 ᠣᠨ ᠳᠤ᠂ ᠠᠯᠠᠱᠠ ᠠᠶᠢᠮᠠᠭ ᠦᠨᠳᠦᠰᠦᠨ ᠵᠦᠢᠯ ᠢ ᠪᠠᠲᠤᠯᠠᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ᠂ ᠳᠠᠭᠠᠭᠠᠴᠢᠯᠠᠪᠠᠰᠤ ᠵᠣᠬᠢᠬᠤ ᠶᠢ ᠨᠢ ᠴᠥᠮ ᠳᠠᠭᠠᠭᠠᠴᠢᠯᠠᠬᠤ︾᠎ ᠶᠢ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠶᠢ ᠪᠠᠬᠢᠵᠢᠭᠦᠯᠵᠡᠢ᠃
      ᠨᠢᠭᠡ ᠳᠤ᠂ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠮᠥᠷᠳᠡᠨ ᠬᠠᠮᠢᠶᠠᠷᠬᠤ ᠶᠢ ᠪᠡᠶᠡᠯᠡᠭᠦᠯᠪᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠢ ᠡᠷᠦᠬᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ ᠲᠦᠷ ᠴᠠᠭ ᠲᠡᠩᠬᠡᠷᠡᠭᠦᠯᠦᠨ ᠲᠤᠰᠠᠯᠠᠬᠤ ᠡᠷᠦᠬᠡ ᠵᠡᠷᠭᠡ ᠶᠢ ᠴᠠᠭ ᠲᠤᠬᠠᠢ ᠳᠤ ᠨᠢ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠰᠢᠨᠵᠢᠯᠡᠬᠦ ᠬᠡᠪᠴᠢᠶᠡᠨ ᠳᠤ ᠣᠷᠣᠭᠤᠯᠪᠠ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠵᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠦᠨ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠶᠠᠳᠠᠭᠤ ᠠᠴᠠ ᠨᠢᠭᠡᠨᠲᠡ ᠠᠩᠭᠢᠵᠢᠷᠠᠭᠰᠠᠨ ᠬᠥᠮᠥᠨ ᠠᠮᠠ ᠪᠣᠯᠣᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠯᠡᠬᠦ ᠡᠲᠡᠭᠡᠳ ᠲᠤ ᠨᠡᠶᠢᠭᠡᠮ ᠤᠨ ᠠᠪᠤᠷᠠᠨ ᠲᠤᠰᠠᠯᠠᠵᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠦᠷᠭᠦᠯᠵᠢᠯᠡᠨ ᠬᠡᠷᠡᠭᠵᠢᠭᠦᠯᠪᠡ᠃ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠯᠡᠬᠦ ᠡᠲᠡᠭᠡᠳ ᠪᠣᠯᠬᠤ 221 ᠡᠷᠦᠬᠡ 361 ᠬᠥᠮᠥᠨ ᠢ ᠮᠠᠯᠵᠢᠬᠤ ᠲᠠᠷᠢᠶᠠᠯᠠᠬᠤ ᠣᠷᠣᠨ ᠤ ᠳᠣᠣᠷ᠎ᠠ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠨᠡᠶᠢᠲᠡ 291.91 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ︔ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠢ ᠬᠥᠮᠥᠰ ᠤᠨ ᠪᠠᠲᠤᠯᠠᠭ᠎ᠠ ᠶᠢᠨ ᠬᠡᠪᠴᠢᠶᠡᠨ ᠳᠤ 14 ᠡᠷᠦᠬᠡ 14 ᠬᠥᠮᠥᠨ ᠢ ᠣᠷᠣᠭᠤᠯᠵᠤ᠂ ᠨᠡᠶᠢᠲᠡ 25.98 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ︔ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠯᠡᠬᠦ ᠡᠲᠡᠭᠡᠳ ᠲᠤ 67 ᠬᠥᠮᠥᠨ ᠤᠳᠠᠭ᠎ᠠ ᠲᠦᠷ ᠴᠠᠭ ᠤᠨ ᠠᠪᠤᠷᠠᠨ ᠲᠤᠰᠠᠯᠠᠯᠲᠠ ᠬᠢᠵᠦ᠂ 16.7 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ︔ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ 8828 ᠬᠥᠮᠥᠨ ᠤᠳᠠᠭ᠎ᠠ ᠲᠠᠷᠬᠠᠭᠠᠵᠤ᠂ 88.87 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ︔ ᠬᠦᠨᠳᠦ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ 24632 ᠬᠥᠮᠥᠨ ᠤᠳᠠᠭ᠎ᠠ ᠲᠠᠷᠬᠠᠭᠠᠵᠤ᠂ 247.61 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠤ᠂ ︽ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ᠂ ᠳᠠᠭᠠᠭᠠᠴᠢᠯᠠᠪᠠᠰᠤ ᠵᠣᠬᠢᠬᠤ ᠶᠢ ᠨᠢ ᠴᠥᠮ ᠳᠠᠭᠠᠭᠠᠴᠢᠯᠠᠬᠤ᠂ ᠠᠪᠤᠷᠠᠪᠠᠰᠤ ᠵᠣᠬᠢᠬᠤ ᠶᠢ ᠨᠢ ᠴᠥᠮ ᠠᠪᠤᠷᠠᠬᠤ︾᠎ ᠶᠢ ᠦᠨᠡᠨ ᠬᠦ ᠪᠡᠶᠡᠯᠡᠭᠦᠯᠵᠦ᠂ ︽ᠪᠠᠲᠤᠯᠠᠭ᠎ᠠ ᠠᠴᠠ ᠰᠠᠯᠭᠠᠬᠤ︾ ︽ᠪᠠᠲᠤᠯᠠᠭ᠎ᠠ ᠠᠴᠠ ᠣᠷᠬᠢᠭᠳᠠᠭᠤᠯᠬᠤ︾᠎ ᠠᠴᠠ ᠪᠣᠯᠵᠤ ᠳᠠᠬᠢᠨ ᠶᠠᠳᠠᠭᠤᠷᠠᠬᠤ ᠪᠠᠶᠢᠳᠠᠯ ᠭᠠᠷᠬᠤ ᠶᠢ ᠡᠷᠡᠰ ᠰᠡᠷᠭᠡᠶᠢᠯᠡᠪᠡ᠃ ᠭᠤᠷᠪᠠ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠪᠠ᠃ ᠣᠲᠣ ᠶᠢᠨ ᠬᠡᠷᠡᠭᠵᠢᠭᠦᠯᠵᠦ ᠪᠠᠶᠢᠭ᠎ᠠ 300 ᠲᠥᠭᠦᠷᠢᠭ / ᠬᠥᠮᠥᠨ / ᠵᠢᠯ ᠤᠨ ᠪᠠᠷᠢᠮᠵᠢᠶ᠎ᠠ ᠪᠠᠷ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠬᠥᠮᠥᠨ ᠠᠮᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠵᠤ᠂ ᠪᠥᠬᠦ ᠠᠶᠢᠮᠠᠭ ᠲᠤ 1877 ᠬᠥᠮᠥᠨ ᠣᠷᠣᠯᠠᠨ ᠲᠤᠰᠢᠶᠠᠬᠤ ᠨᠥᠬᠦᠴᠡᠯ ᠳᠤ ᠨᠡᠶᠢᠴᠡᠵᠦ᠂ ᠣᠷᠣᠯᠠᠨ ᠲᠤᠰᠢᠶᠠᠭᠰᠠᠨ ᠨᠣᠷᠮ᠎ᠠ ᠨᠢ 100%᠎ ᠳᠤ ᠬᠦᠷᠴᠦ᠂ 56.31 ᠲᠦᠮᠡᠨ ᠲᠥᠭᠦᠷᠢᠭ ᠣᠷᠣᠯᠠᠨ ᠲᠤᠰᠢᠶᠠᠬᠤ ᠶᠢ ᠪᠡᠶᠡᠯᠡᠭᠦᠯᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ