1 ᠰᠠᠷ᠎ᠠ ᠶᠢᠨ 31 ᠤ ᠡᠳᠦᠷ ᠂ ᠸᠠᠩ ᠯᠢ ᠰᠢᠶᠠ ᠮᠧᠩ ᠨᠢᠦ ᠪᠦᠯᠦᠭᠯᠡᠯ ᠪᠣᠯᠣᠨ ᠢᠯᠢ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠵᠦ ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠂ ᠰᠦ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠰᠤᠳᠤᠯᠤᠨ ᠲᠣᠬᠢᠷᠠᠭᠤᠯᠪᠠ ᠃
ᠮᠧᠩ ᠨᠢᠦ ᠶᠢᠨ ᠵᠢᠷᠭᠤᠳᠤᠭᠠᠷ ᠬᠤᠭᠤᠴᠠᠭ᠎ᠠ ᠶᠢᠨ ᠪᠠᠷᠢᠯᠭ᠎ᠠ ᠪᠣᠯᠣᠨ ᠨᠠᠢᠮᠠᠳᠤᠭᠠᠷ ᠬᠤᠭᠤᠴᠠᠭᠠᠨ ᠤ ᠪᠠᠷᠢᠯᠭ᠎ᠠ ᠶᠢᠨ ᠦᠢᠯᠡᠳᠪᠦᠷᠢ ᠳᠤ ᠂ ᠸᠠᠩ ᠯᠢ ᠰᠢᠶᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠣᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ ᠂ ᠵᠠᠰᠠᠭ ᠤᠨ ᠣᠷᠳᠣᠨ ᠤ ᠬᠢᠨ ᠭᠤᠣᠯᠳᠠᠯᠭ᠎ᠠ ᠪᠠᠨ ᠡᠮᠦᠨᠡᠰᠢ ᠲᠠᠯᠪᠢᠵᠤ ᠂ ᠳᠠᠭᠠᠭᠤᠯᠤᠭᠴᠢ ᠠᠵᠤ ᠠᠬᠤᠶᠢᠯᠠᠯ ᠤᠨ ᠵᠡᠭᠦᠨᠳᠡᠬᠢ ᠪᠠᠷᠠᠭᠤᠨᠳᠡᠬᠢ ᠪᠠᠨ ᠬᠥᠲᠥᠯᠥᠨ ᠳᠠᠭᠠᠭᠤᠯᠬᠤ ᠂ ᠬᠡᠯᠬᠢᠶ᠎ᠡ ᠪᠠᠨ ᠤᠷᠲᠤᠳᠬᠠᠬᠤ ᠶᠢ ᠲᠡᠮᠵᠢᠵᠥ ᠂ ᠲᠥᠪᠯᠡᠷᠡᠩᠭᠦᠢ ᠡᠷᠴᠢᠮᠵᠢᠭᠰᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠤᠳᠤ ᠦᠶ᠎ᠡ ᠶᠢᠨ ᠮᠠᠯ ᠠᠵᠤ ᠠᠬᠤᠢ ᠶᠢᠨ ᠵᠧᠩ ᠶᠤᠸᠠᠨ ᠮᠠᠯᠵᠢᠯ ᠤᠨ ᠲᠠᠯᠠᠪᠠᠢ ᠳᠤ ᠂ ᠲᠡᠷᠡ ᠠᠷᠠᠴᠢᠯᠠᠨ ᠲᠡᠵᠢᠭᠡᠬᠦ ᠶᠢᠨ ᠲᠥᠯᠥᠭᠡ ᠲᠠᠷᠢᠬᠤ ᠶᠢ ᠪᠠᠷᠢᠮᠲᠠᠯᠠᠵᠤ ᠂ ᠲᠠᠷᠢᠶᠠᠴᠢᠳ ᠢ ᠵᠣᠬᠢᠶᠠᠨ ᠪᠠᠶᠢᠭᠤᠯᠵᠤ ᠂ ᠳᠠᠭᠠᠭᠤᠯᠤᠭᠴᠢ ᠠᠵᠤ ᠠᠬᠤᠶᠢᠯᠠᠯ ᠲᠠᠢ ᠰᠠᠶᠢᠲᠤᠷ ᠵᠣᠯᠭᠠᠭᠤᠯᠵᠤ ᠂ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ ᠃ ᠢᠯᠢ ᠣᠶᠤᠨᠲᠤ ᠦᠢᠯᠡᠳᠬᠡᠯ ᠤᠨ ᠪᠡᠶᠡᠴᠢᠯᠡᠨ ᠣᠶᠢᠯᠠᠭᠠᠬᠤ ᠲᠥᠪ ᠲᠤ ᠂ ᠲᠡᠷᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂
ᠭᠠᠷ ᠤᠷᠠᠯᠠᠯ ᠤᠨ ᠰᠢᠨ᠎ᠡ ᠶᠢ ᠡᠭᠦᠳᠭᠦ ᠶᠢ ᠴᠢᠩᠭᠠᠳᠬᠠᠵᠤ ᠂ ᠪᠦᠭᠦ ᠪᠥᠮᠪᠥᠷᠴᠡᠭ ᠤᠨ ᠣᠶᠤᠨᠲᠤ ᠦᠢᠯᠡᠳᠬᠡᠯ ᠤᠨ ᠦᠯᠢᠭᠡᠷ ᠳᠠᠭᠤᠷᠢᠶᠠᠯ ᠰᠠᠭᠤᠷᠢᠨ ᠢ ᠡᠭᠦᠳᠦᠨ ᠴᠣᠭᠴᠠᠯᠠᠬᠤ ᠬᠡᠷᠡᠭᠲᠡᠢ ᠭᠡᠵᠦ ᠬᠡᠯᠡᠪᠡ ᠃
ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠸᠠᠩ ᠯᠢ ᠰᠢᠶᠠ ᠣᠯᠠᠨ ᠲᠠᠢ ᠬᠠᠮᠲᠤ ᠪᠠᠷ ᠮᠠᠨ ᠤ ᠣᠷᠣᠨ ᠤ ᠰᠦ ᠶᠢᠨ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠵᠤ ᠂ ᠠᠵᠤ ᠠᠬᠤᠶᠢᠯᠠᠯ ᠤᠨ ᠦᠷ᠎ᠡ ᠡᠳ᠋ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠂ ᠵᠢᠭᠡᠯᠡᠯᠭᠡ ᠠᠪᠴᠤ ᠪᠡᠯᠡ ᠨᠡᠶᠢᠯᠡᠭᠦᠯᠭᠦ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠠᠩᠬᠠᠷᠤᠯ ᠢᠶᠠᠨ ᠲᠥᠪᠯᠡᠷᠡᠭᠦᠯᠦᠨ ᠬᠠᠷᠢᠭᠤ ᠥᠭᠭᠦ ᠶᠢ ᠱᠠᠭᠠᠷᠳᠠᠭᠰᠠᠨ ᠪᠥᠭᠡᠳ ᠬᠠᠷᠢᠭᠤᠴᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠪᠠ ᠃
ᠸᠠᠩ ᠯᠢ ᠰᠢᠶᠠ ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠪᠣᠳᠠᠲᠠᠢ ᠠᠵᠢᠯᠯᠠᠭ᠎ᠠ ᠮᠥᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ︽ ᠰᠢᠨ᠎ᠡ ᠵᠢᠯ ᠤᠨ ᠠᠩᠬᠠᠳᠤᠭᠠᠷ ᠬᠤᠷᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ ᠃
ᠨᠢᠭᠡ ᠳᠤ ᠂ ᠶᠡᠷᠦᠩᠬᠡᠢ ᠱᠦᠵᠢ ᠶᠢᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠰᠠᠶᠢᠲᠠᠢ ᠪᠠᠶᠢᠳᠠᠯ ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠥᠨᠳᠥᠷ ᠲᠦᠪᠰᠢᠨ ᠂ ᠰᠦ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠭᠦ ᠥᠨᠳᠦᠷᠯᠢᠭ ᠢᠶᠠᠷ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠬᠤᠶᠠᠷ ᠲᠤ ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ ᠂ ᠡᠪᠡᠰᠦᠨ ᠤ ᠡᠬᠢ ᠂ ᠦᠬᠡᠷ ᠤᠨ ᠡᠬᠢ ᠂ ᠰᠦ ᠶᠢᠨ ᠡᠬᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠭᠦ ᠬᠦᠴᠦᠨ ᠢᠶᠠᠷ ᠰᠠᠶᠢᠲᠤᠷ ᠠᠳᠬᠤᠵᠤ ᠂ ᠡᠵᠡᠩᠨᠡᠯᠲᠡ ᠶᠢᠨ ᠭᠡᠯᠪᠡᠷᠢ ᠶᠢ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ ᠂
︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠭᠦᠷᠲᠡᠯ᠎ᠡ︾ ᠭᠡᠬᠦ ᠪᠦᠭᠦ ᠪᠥᠮᠪᠥᠷᠴᠡᠭ ᠤᠨ ᠲᠡᠷᠢᠭᠦᠨ ᠤ ᠪᠦᠷᠢᠨ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ ᠃ ᠭᠤᠷᠪᠠ ᠳᠤ ᠂ ᠪᠦᠭᠦ ᠣᠷᠣᠨ ᠨᠢᠭᠡ ᠬᠥᠯᠭᠡ ᠰᠢᠲᠠᠷ᠎ᠠ ᠪᠣᠯᠵᠤ ᠂ ᠵᠠᠰᠠᠭ ᠤᠨ ᠣᠷᠳᠣᠨ ᠠᠵᠤ ᠠᠬᠤᠶᠢᠯᠠᠯ ᠨᠢᠭᠡ ᠰᠡᠳᠬᠢᠯ ᠲᠠᠢ ᠪᠠᠶᠢᠵᠤ ᠂ ᠢᠯᠢ ᠂ ᠮᠧᠩ ᠨᠢᠦ ᠵᠡᠷᠭᠡ ᠲᠣᠮᠣ ᠠᠵᠤ ᠠᠬᠤᠶᠢᠯᠠᠯ ᠢ ᠳᠡᠮᠵᠢᠭᠦ ᠪᠠᠷ ᠪᠠᠷᠠᠬᠤ ᠦᠭᠡᠢ ᠂ ᠪᠠᠰᠠ ᠡᠯ᠎ᠡ ᠲᠥᠷᠥᠯ ᠤᠨ ᠳᠤᠮᠳᠠ ᠪᠠᠭ᠎ᠠ ᠰᠦ ᠶᠢᠨ ᠠᠵᠤ ᠠᠬᠤᠶᠢᠯᠠᠯ ᠢ ᠳᠡᠮᠵᠢᠵᠦ ᠂ ᠬᠦᠴᠦ ᠪᠠᠨ ᠬᠠᠮᠲᠤᠳᠬᠠᠨ ᠰᠦ ᠶᠢᠨ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠶᠣᠣ ᠶᠦᠩ ᠪᠦᠸᠧ ᠂ ᠰᠦᠨ ᠵᠢᠶᠦ᠋ᠨ ᠴᠢᠩ ᠣᠷᠣᠯᠴᠠᠵᠠᠢ ᠃