ᠤᠯᠠᠭᠠᠨᠬᠠᠳᠠ ᠡᠨᠡ ᠵᠢᠯ 456 ᠭᠤᠣᠯᠳᠠᠯᠭ᠎ᠠ ᠲᠠᠢ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2023/2/1

      1 ᠳ᠋ᠦ᠋ᠭᠡᠷ ᠰᠠᠷ᠎ᠠ ᠶᠢᠨ 30 ᠤ ᠡᠳᠦᠷ᠂ ᠪᠥᠬᠦ ᠬᠤᠲᠠ ᠶᠢᠨ ︽ᠰᠠᠶᠢᠨ ᠡᠬᠢᠯᠡᠯᠲᠡ ᠪᠠᠷ ᠪᠥᠬᠦ ᠵᠢᠯ ᠤᠨ ᠰᠠᠶᠢᠨ ᠬᠥᠭᠵᠢᠯᠲᠡ ᠶᠢ ᠳᠠᠶᠢᠴᠢᠯᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠬᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠳᠠᠬᠢᠨᠲᠠ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ᠂ ᠣᠨᠴᠠᠭᠠᠶᠢᠯᠠᠨ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠰᠠᠶᠢᠲᠤᠷ ᠪᠣᠢ ᠪᠣᠯᠭᠠᠬᠤ ᠬᠦᠴᠦᠨ ᠴᠢᠳᠠᠯ ᠢ ᠨᠢᠭᠲᠠᠷᠠᠭᠤᠯᠪᠠ᠃

      ᠣᠶᠢᠯᠠᠭᠠᠭᠰᠠᠨ ᠢᠶᠠᠷ᠂ ᠡᠨᠡ ᠵᠢᠯ ᠪᠥᠬᠦ ᠬᠤᠲᠠ ᠶᠢᠨ ᠬᠡᠷᠡᠭᠵᠢᠭᠦᠯᠬᠦ ᠪᠠᠷ ᠲᠣᠭᠲᠠᠭᠠᠭᠰᠠᠨ ᠲᠥᠷᠥᠯ ᠵᠦᠢᠯ ᠤᠨ ᠳᠣᠲᠣᠷ᠎ᠠ ᠨᠡᠶᠢᠲᠡ 456 ᠨᠢ ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠳᠤ ᠬᠤᠯᠪᠣᠭᠳᠠᠵᠤ᠂ ᠨᠢᠭᠡᠳᠦᠭᠡᠷ ᠤᠯᠠᠷᠢᠯ ᠳᠤ 137 ᠲᠥᠷᠥᠯ ᠵᠦᠢᠯ ᠢ ᠡᠬᠢᠯᠡᠭᠦᠯᠬᠦ ᠪᠠᠷ ᠲᠥᠯᠥᠪᠯᠡᠵᠦ ᠪᠣᠶ᠃ ︽ᠬᠠᠪᠤᠷ ᠤᠨ ᠡᠬᠢ ᠪᠠᠷ ᠠᠵᠢᠯ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠲᠣᠭᠲᠠᠭᠠᠬᠤ᠂ ᠭᠠᠵᠠᠷ ᠰᠢᠷᠣᠢ ᠬᠡᠷᠡᠭᠯᠡᠬᠦ ᠶᠢ ᠤᠷᠢᠳᠴᠢᠯᠠᠨ ᠬᠢᠨᠠᠬᠤ᠂ ᠲᠥᠯᠦᠪᠵᠢᠭᠦᠯᠭᠡ ᠶᠢᠨ ᠭᠠᠵᠠᠷ ᠰᠣᠩᠭᠤᠬᠤ ᠵᠡᠷᠭᠡ 9 ᠵᠦᠢᠯ ᠤᠨ ᠭᠤᠣᠯ ᠪᠣᠯᠬᠤ ᠭᠠᠷᠳᠠᠮ ᠤᠨ ᠲᠣᠳᠣᠷᠬᠠᠢ ᠬᠠᠭᠤᠳᠠᠰᠤ ᠲᠠᠢ ᠬᠠᠷᠢᠴᠠᠭᠤᠯᠤᠨ᠂ ᠨᠢᠭᠡᠳ ᠨᠢᠭᠡ ᠪᠠᠷ ᠠᠬᠢᠭᠤᠯᠤᠨ ᠭᠦᠢᠴᠡᠳᠬᠡᠵᠦ᠂ ᠡᠲᠡᠭᠡᠷ ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠢ 3 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠭᠦᠢᠴᠡᠳᠬᠡᠵᠦ ᠳᠠᠭᠤᠰᠬᠠᠬᠤ ᠶᠢ ᠦᠨᠡᠨ ᠬᠦ ᠪᠠᠲᠤᠯᠠᠪᠠ᠃

      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠠᠯ᠎ᠠ ᠪᠠᠷ ᠪᠣᠯᠪᠠᠰᠤᠷᠠᠩᠭᠤᠢ ᠪᠣᠯᠣᠭᠰᠠᠨ ᠬᠡᠮᠵᠢᠶ᠎ᠡ ᠪᠠᠷ ᠥᠨᠳᠥᠷ ᠨᠢᠭᠡ ᠪᠦᠯᠦᠭ ᠲᠥᠷᠥᠯ ᠵᠦᠢᠯ ᠢ ᠬᠠᠨᠳᠤᠯᠭᠠᠲᠤ ᠴᠢᠨᠠᠷᠲᠠᠢ ᠪᠠᠷ ᠪᠣᠭᠤᠳᠠᠯᠯᠠᠵᠤ᠂ ᠴᠢᠨᠠᠷᠯᠢᠭ ᠲᠥᠷᠥᠯ ᠵᠦᠢᠯ ᠪᠠᠷ ᠠᠵᠤ ᠠᠬᠤᠶᠢᠯᠠᠯ ᠢ ᠵᠣᠯᠭᠠᠭᠤᠯᠤᠨ᠂ ᠪᠡᠯᠡ ᠮᠥᠩᠭᠦ ᠶᠢ ᠲᠠᠲᠠᠨ ᠣᠷᠣᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠪᠣᠢ᠃ ᠡᠭᠦᠨ ᠤ ᠬᠠᠮᠲᠤ᠂ ︽ᠤᠯᠠᠭᠠᠨᠬᠠᠳᠠ ᠳᠤ ᠪᠡᠯᠡ ᠣᠷᠣᠭᠤᠯᠵᠤ · ᠢᠷᠡᠭᠡᠳᠦᠢ ᠳᠤ ᠬᠠᠮᠲᠤ ᠪᠠᠷ ᠠᠰᠢᠭ ᠭᠥᠷᠳᠡᠶ᠎ᠡ︾ ᠭᠡᠬᠦ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠭᠡᠷ᠎ᠡ ᠲᠣᠭᠲᠠᠬᠤ ᠬᠤᠷᠠᠯ ᠢ ᠴᠢᠨᠠᠷᠯᠢᠭ ᠡᠷᠭᠢᠯᠡᠵᠦ᠂ ︽ᠤᠯᠠᠭᠠᠨᠬᠠᠳᠠ ᠶᠢᠨ ᠬᠢᠨ ᠤ ᠬᠤᠷᠠᠯ︾ ᠤᠨ ᠲᠠᠪᠴᠠᠩ ᠢ ᠰᠠᠶᠢᠲᠤᠷ ᠠᠰᠢᠭᠯᠠᠨ᠂ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠨᠡ ᠵᠢᠯ ᠤᠨ ᠪᠥᠬᠦ ᠬᠤᠲᠠ ᠶᠢᠨ ᠲᠣᠭᠲᠠᠭᠠᠭᠰᠠᠨ ᠬᠤᠳᠠᠯᠳᠤᠭᠠᠴᠢᠨ ᠤᠷᠢᠬᠤ ᠬᠠᠷᠠᠯᠲᠠ ᠪᠣᠯ 1000 ᠭᠠᠷᠤᠢ ᠲᠥᠷᠥᠯ ᠵᠦᠢᠯ ᠤᠨ ᠭᠡᠷ᠎ᠡ ᠲᠣᠭᠲᠠᠬᠤ ᠶᠠᠪᠤᠳᠠᠯ ᠪᠣᠯᠣᠨ᠎ᠠ᠃

      ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠣᠶᠢᠷ᠎ᠠ ᠶᠢᠨ ᠬᠤᠭᠤᠴᠠᠭᠠᠨ ᠳᠤ᠂ ᠤᠯᠠᠭᠠᠨᠬᠠᠳᠠ ᠶᠢᠨ ᠬᠢᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠲᠠᠢ ︽ᠨᠢᠭᠡ ᠨᠢᠭᠡ ᠪᠠᠷ ᠬᠤᠯᠪᠣᠭᠠᠰᠤ ᠪᠠᠶᠢᠭᠤᠯᠬᠤ︾ ᠰᠤᠷᠪᠤᠯᠵᠢᠯᠠᠭ᠎ᠠ ᠬᠢᠵᠦ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠢᠲᠡᠭᠡᠯ ᠵᠣᠷᠢᠭ ᠢ ᠨᠢ ᠬᠥᠪᠴᠢᠯᠡᠨ᠎ᠡ︔ ᠰᠠᠶ᠋ᠢᠬᠠᠨ ᠡᠷᠭᠢᠯᠡᠭᠰᠡᠨ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯ ᠶᠠᠪᠤᠳᠠᠯ ᠭᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠨ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ᠂ ᠣᠨᠴᠠᠭᠠᠶ ᠶᠠᠪᠤᠳᠠᠯ ᠢ ᠣᠨᠴᠠᠭᠠᠶ ᠭᠦᠢᠴᠡᠳᠬᠡᠬᠦ᠂ ᠪᠠᠴᠢᠮ ᠶᠠᠪᠤᠳᠠᠯ ᠢ ᠲᠦᠷᠭᠡᠨ ᠭᠦᠢᠴᠡᠳᠬᠡᠬᠦ ᠦᠢᠯᠡᠴᠢᠯᠡᠭᠡ ᠶᠢ ᠥᠷᠨᠢᠭᠦᠯᠵᠦ᠂ ᠲᠡᠳᠡᠨ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ