ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠰᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2023/2/14

      2 ᠰᠠᠷ᠎ᠠ ᠶᠢᠨ 10᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ ᠲᠥᠷᠦ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠲᠡᠷᠢᠭᠦᠨ ᠰᠠᠶᠢᠳ ᠬᠤᠩᠰᠧᠨ ᠲᠠᠢ ᠠᠭᠤᠯᠵᠠᠪᠠ᠃

1.jpg

 

      ᠰᠢ ᠶᠢᠨ ᠫᠢᠩ᠂ 3 ᠵᠢᠯ ᠤᠨ ᠡᠮᠦᠨ᠎ᠡ᠂ ᠲᠡᠷᠢᠭᠦᠨ ᠰᠠᠶᠢᠳ ᠠᠪᠤᠭᠠᠢ ᠰᠠᠯᠬᠢ ᠰᠢᠭᠤᠷᠭᠠᠨ ᠢ ᠰᠥᠷᠦᠨ ᠳᠤᠮᠳᠠᠳᠤ ᠤᠯᠤᠰ ᠲᠤ ᠠᠶᠢᠯᠴᠢᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ ᠪᠠᠶᠢᠭ᠎ᠠ ᠳᠤᠮᠳᠠᠳᠤ ᠤᠯᠤᠰ ᠤᠨ ᠠᠷᠠᠳ ᠲᠦᠮᠡᠨ ᠲᠠᠢ ᠡᠷᠡᠰ ᠪᠠᠲᠤ ᠬᠠᠮᠲᠤ ᠵᠣᠭᠰᠣᠵᠠᠢ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠤᠯᠬᠤ ᠪᠥᠭᠡᠳ ᠳᠤᠮᠳᠠᠳᠤ ᠺᠠᠮᠪᠤᠵᠠ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠣᠯᠣᠨ᠎ᠠ᠃ ᠪᠢ ᠲᠠᠨ ᠲᠠᠢ ︽ᠭᠤᠷᠪᠠᠨ ᠵᠢᠯ ᠤᠨ ᠪᠣᠯᠵᠤᠭ᠎ᠠ︾᠎ ᠪᠠᠨ ᠪᠡᠶᠡᠯᠡᠭᠦᠯᠵᠦ᠂ ᠴᠠᠭᠠᠨ ᠰᠠᠷ᠎ᠠ ᠶᠢᠨ ᠲᠠᠰᠢᠷᠠᠮ ᠢᠶᠠᠷ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠬᠠᠮᠲᠤ ᠪᠠᠷ ᠡᠬᠢᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳᠤᠮᠳᠠᠳᠤ ᠤᠯᠤᠰ ᠺᠠᠮᠪᠤᠵᠠ ᠶᠢᠨ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠰᠣᠩᠭᠤᠬᠤ ᠶᠢ ᠡᠷᠡᠰ ᠲᠡᠮᠵᠢᠵᠥ᠂ ᠺᠠᠮᠪᠤᠵᠠ ᠶᠢᠨ ᠤᠯᠤᠰ ᠤᠨ ᠡᠷᠬᠡ ᠮᠡᠳᠡᠯ ᠪᠣᠯᠣᠨ ᠠᠮᠤᠷ ᠲᠦᠪᠰᠢᠨ ᠢᠶᠠᠨ ᠬᠠᠮᠠᠭᠠᠯᠠᠬᠤ ᠶᠢ ᠡᠷᠡᠰ ᠲᠡᠮᠵᠢᠵᠥ᠂ ᠺᠠᠮᠪᠤᠵᠠ ᠶᠢᠨ ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠤᠯᠤᠰ ᠲᠦᠷᠤ ᠶᠢᠨ ᠵᠥᠪᠯᠡᠭᠦ ᠵᠦᠢᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠣᠭᠲᠠᠭᠤᠨ ᠢᠶᠠᠷ ᠠᠬᠢᠭᠤᠯᠬᠤ ᠶᠢ ᠡᠷᠡᠰ ᠲᠡᠮᠵᠢᠵᠥ᠂ ᠭᠠᠳᠠᠭᠠᠳᠤ ᠶᠢᠨ ᠬᠦᠴᠦᠨ ᠤ ᠺᠠᠮᠪᠤᠵᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠳᠤᠮᠳᠠᠳᠤ ᠤᠯᠤᠰ ᠺᠠᠮᠪᠤᠵᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠭᠤᠣᠯᠳᠠᠯᠭ᠎ᠠ ᠲᠠᠢ ᠴᠢᠭᠯᠡᠯ ᠪᠤᠯᠭᠠᠵᠤ᠂ ᠢᠮᠠᠭᠲᠠ ᠪᠦᠭᠦ ᠲᠠᠯ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠺᠠᠮᠪᠤᠵᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠲᠥᠯᠥᠪᠵᠢᠭᠦᠯᠦᠨ ᠠᠬᠢᠭᠤᠯᠵᠤ᠂ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠴᠠ ᠳᠤ᠂ ᠺᠠᠮᠪᠤᠵᠠ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠬᠠᠮᠲᠤᠷᠠᠯᠴᠠᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠴᠢᠨᠠᠷ ᠰᠠᠶᠢᠲᠠᠢ᠂ ᠥᠨᠳᠥᠷ ᠲᠦᠪᠰᠢᠨ ᠪᠦᠬᠦᠢ᠂ ᠥᠨᠳᠥᠷ ᠪᠠᠷᠢᠮᠵᠢᠶ᠎ᠠ ᠲᠠᠢ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯᠲᠡ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ᠃

      ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠤᠯᠤᠰ ᠲᠦᠷᠦ᠂ ᠦᠢᠯᠡᠳᠪᠦᠷᠢᠯᠡᠯ ᠤᠨ ᠴᠢᠳᠠᠪᠤᠷᠢ᠂ ᠬᠥᠳᠡᠭᠡ ᠠᠵᠤ ᠠᠬᠤᠢ᠂ ᠡᠨᠧᠷᠭᠢ᠂ ᠠᠮᠤᠷ ᠲᠦᠪᠰᠢᠨ᠂ ᠰᠣᠶᠣᠯ ᠢᠷᠭᠡᠨᠰᠢᠯ ᠵᠡᠷᠭᠡ ᠵᠢᠷᠭᠤᠭᠠᠨ ᠶᠡᠭᠡ ᠬᠦᠷᠢᠶᠡᠨ ᠠᠴᠠ ᠭᠠᠷᠳᠠᠵᠤ᠂ ᠳᠤᠮᠳᠠᠳᠤ ᠺᠠᠮᠪᠤᠵᠠ ᠶᠢᠨ ︽ᠠᠯᠮᠠᠰ ᠴᠢᠯᠠᠭᠤ ᠶᠢᠨ ᠵᠢᠷᠭᠤᠭᠠᠨ ᠲᠠᠯ᠎ᠠ︾᠎ ᠶᠢᠨ ᠬᠠᠮᠲᠤᠷᠠᠯᠴᠠᠭᠠᠨ ᠤ ᠪᠦᠲᠦᠴᠡ ᠶᠢ ᠬᠦᠴᠦᠯᠡᠨ ᠪᠠᠶᠢᠭᠤᠯᠵᠤ ᠪᠣᠯᠣᠨ᠎ᠠ᠃ ᠤᠯᠤᠰ ᠲᠦᠷᠦ ᠶᠢᠨ ᠲᠠᠯ᠎ᠠ ᠪᠠᠷ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠰᠡᠨ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠠᠷᠭ᠎ᠠ ᠵᠠᠮ ᠤᠨ ᠶᠠᠪᠤᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠦᠢᠯᠡᠳᠪᠦᠷᠢᠯᠡᠯ ᠤᠨ ᠴᠢᠳᠠᠪᠤᠷᠢ ᠶᠢᠨ ᠲᠠᠯ᠎ᠠ ᠪᠠᠷ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾᠎ ᠢ ᠭᠤᠣᠯᠳᠠᠯᠭ᠎ᠠ ᠲᠠᠢ ᠪᠠᠶᠢᠭᠤᠯᠤᠶ᠎ᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ ᠰᠢᠬᠠᠨᠦ᠋ᠺᠧ ᠮᠤᠵᠢ ᠶᠢᠨ ᠤᠯᠠᠨ ᠴᠢᠳᠠᠮᠵᠢᠲᠤ ᠠᠵᠤ ᠠᠬᠤᠢ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠺᠠᠮᠪᠤᠵᠠ ᠶᠢᠨ ᠬᠢᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠪᠠᠨ ᠪᠦᠲᠦᠭᠡᠨ ᠪᠠᠶᠢᠭᠤᠯᠬᠤ ᠶᠢ ᠲᠡᠮᠵᠢᠨ᠎ᠠ᠃ ᠬᠥᠳᠡᠭᠡ ᠠᠵᠤ ᠠᠬᠤᠢ ᠶᠢᠨ ᠲᠠᠯ᠎ᠠ ᠪᠠᠷ᠂ ︽ᠠᠮᠤ ᠵᠢᠭᠠᠰᠤᠨ ᠤ ᠦᠢᠯᠡᠰ ᠤᠨ ᠬᠤᠩᠭᠢᠯ︾᠎ ᠢ ᠬᠦᠴᠦᠯᠡᠨ ᠪᠠᠶᠢᠭᠤᠯᠵᠤ᠂ ᠨᠠᠭᠤᠷ ᠳᠠᠭᠠᠤ ᠲᠠᠷᠢᠶᠠᠯᠠᠩ ᠤᠨ ᠬᠠᠮᠲᠤᠷᠠᠯᠴᠠᠭ᠎ᠠ ᠥᠷᠨᠢᠭᠦᠯᠦᠨ᠎ᠡ᠃ ᠡᠨᠧᠷᠭᠢ ᠶᠢᠨ ᠲᠠᠯ᠎ᠠ ᠪᠠᠷ᠂ ᠪᠣᠬᠢᠷᠳᠤᠯ ᠦᠭᠡᠢ ᠬᠥᠭᠵᠢᠯᠲᠡ ᠶᠢ ᠬᠦᠴᠦᠯᠡᠨ ᠪᠠᠲᠤᠯᠠᠵᠤ᠂ ᠺᠠᠮᠪᠤᠵᠠ ᠶᠢᠨ ᠤᠰᠤᠨ ᠤ ᠬᠦᠴᠦ ᠪᠠᠷ ᠴᠠᠭᠢᠯᠭᠠᠨ ᠭᠠᠷᠭᠠᠬᠤ᠂ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠲᠥᠷᠥᠯ ᠵᠦᠢᠯ ᠳᠠᠬᠢ ᠣᠷᠣᠭᠤᠯᠤᠯᠲᠠ ᠪᠠᠨ ᠨᠡᠮᠡᠭᠳᠡᠭᠦᠯᠦᠨ᠎ᠡ᠃ ᠠᠮᠤᠷ ᠲᠦᠪᠰᠢᠨ ᠤ ᠲᠠᠯ᠎ᠠ ᠪᠠᠷ᠂ ᠬᠢᠯᠢ ᠰᠤᠨᠳᠠᠯᠠᠭᠰᠠᠨ ᠶᠠᠯᠠᠲᠤ ᠠᠵᠢᠯᠯᠠᠭ᠎ᠠ ᠳᠤ ᠬᠠᠮᠲᠤᠷᠠᠨ ᠴᠢᠩᠭ᠎ᠠ ᠴᠣᠬᠢᠯᠲᠠ ᠥᠭᠭᠦ ᠲᠤᠰᠬᠠᠢ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠳᠤᠮᠳᠠᠳᠤ ᠤᠯᠤᠰ ᠠᠴᠠ ᠺᠠᠮᠪᠤᠵᠠ ᠳᠤ ᠦᠷᠭᠦᠯᠵᠢᠯᠡᠨ ᠮᠢᠨ᠎ᠠ ᠠᠷᠢᠯᠭᠠᠬᠤ ᠲᠤᠰᠠᠯᠠᠮᠵᠢ ᠬᠠᠩᠭᠠᠨ᠎ᠠ᠃ ᠰᠣᠶᠣᠯ ᠢᠷᠭᠡᠨᠰᠢᠯ ᠤᠨ ᠲᠠᠯ᠎ᠠ ᠪᠠᠷ᠂ ᠳᠤᠮᠳᠠᠳᠤ ᠤᠯᠤᠰ ᠡᠩ ᠲᠡᠷᠢᠭᠦᠨ ᠳᠤ ᠳᠤᠮᠳᠠᠳᠤ ᠺᠠᠮᠪᠤᠵᠠ ᠶᠢᠨ ᠰᠢᠭᠤᠳ ᠬᠦᠷᠬᠦ ᠨᠢᠰᠬᠡᠯ ᠤᠨ ᠡᠭᠡᠯᠵᠢ ᠶᠢ ᠰᠡᠷᠭᠦᠭᠡᠨ ᠨᠡᠮᠡᠭᠳᠡᠭᠦᠯᠵᠦ᠂ ᠵᠢᠭᠤᠯᠴᠢᠯᠠᠯ ᠤᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠰᠣᠶᠣᠯ ᠤᠨ ᠥᠪ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠥᠷᠨᠢᠭᠦᠯᠵᠦ᠂ ᠺᠠᠮᠪᠤᠵᠠ ᠶᠢᠨ ᠬᠢᠨ ᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠦᠢᠯᠡᠰ ᠢᠶᠠᠨ ᠬᠥᠭᠵᠢᠭᠦᠯᠬᠦ ᠶᠢ ᠲᠡᠮᠵᠢᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠺᠠᠮᠪᠤᠵᠠ ᠶᠢᠨ ᠨᠥᠭᠦᠷᠰᠡᠭ ᠣᠨ ᠢᠶᠠᠷ ᠠᠵᠠ ᠲᠣᠭᠢᠶᠠᠯ ᠪᠤᠯᠭᠠᠵᠤ᠂ ᠣᠷᠣᠨ ᠨᠤᠲᠤᠭ ᠤᠨ ᠠᠵᠢᠯ ᠲᠦᠷᠦᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠵᠠᠯᠠᠭᠤᠴᠤᠳ ᠤᠨ ᠶᠠᠪᠤᠯᠴᠠᠭ᠎ᠠ ᠶᠢ ᠴᠢᠩᠭᠠᠳᠬᠠᠵᠤ᠂ ᠳᠤᠮᠳᠠᠳᠤ ᠺᠠᠮᠪᠤᠵᠠ ᠶᠢᠨ ᠨᠥᠭᠦᠷᠰᠡᠭ ᠠᠵᠢᠯ ᠦᠢᠯᠡᠰ ᠢ ᠤᠯᠠᠮᠵᠢᠯᠠᠨ ᠪᠠᠳᠠᠷᠠᠭᠤᠯᠤᠶ᠎ᠠ ᠭᠡᠵᠦ ᠵᠢᠭᠠᠵᠤ ᠭᠠᠷᠭᠠᠪᠠ᠃

      ᠬᠤᠩᠰᠧᠨ᠂ ᠳᠤᠮᠳᠠᠳᠤ ᠤᠯᠤᠰ ᠤᠨ ᠴᠠᠭᠠᠨ ᠰᠠᠷ᠎ᠠ ᠶᠢᠨ ᠳᠠᠷᠠᠭ᠎ᠠ ᠭᠥᠯᠢᠶᠡᠨ ᠠᠪᠴᠤ ᠵᠣᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ 3 ᠵᠢᠯ ᠤᠨ ᠡᠮᠦᠨᠡᠬᠢ ᠲᠡᠷᠡ ᠤᠳᠠᠭ᠎ᠠ ᠶᠢᠨ ᠠᠶᠢᠯᠴᠢᠯᠠᠯᠲᠠ ᠴᠤ ᠲᠡᠷᠡ᠂ ᠲᠤᠰ ᠤᠳᠠᠭ᠎ᠠ ᠶᠢᠨ ᠠᠶᠢᠯᠴᠢᠯᠠᠯᠲᠠ ᠴᠤ ᠲᠡᠷᠡ᠂ ᠪᠢ ᠺᠠᠮᠪᠤᠵᠠ ᠶᠢᠨ ᠠᠷᠠᠳ ᠲᠦᠮᠡᠨ ᠤ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠲᠠᠢ ᠡᠷᠡᠰ ᠪᠠᠲᠤ ᠬᠠᠮᠲᠤ ᠵᠣᠭᠰᠣᠭᠰᠠᠨ ᠲᠣᠳᠣᠷᠬᠠᠢ ᠮᠡᠳᠡᠭᠡ ᠵᠠᠩᠭᠢ ᠶᠢ ᠳᠠᠮᠵᠢᠭᠤᠯᠬᠤ ᠶᠢ ᠬᠦᠰᠡᠵᠦ ᠪᠠᠶᠢᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠣᠯᠣᠭᠰᠠᠨ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠢᠰᠢᠷᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠺᠠᠮᠪᠤᠵᠠ ᠶᠢᠨ ᠠᠷᠠᠳ ᠲᠦᠮᠡᠨ ᠤ ᠥᠪᠡᠷ ᠤᠨ ᠤᠯᠤᠰ ᠤᠨ ᠪᠠᠶᠢᠳᠠᠯ ᠳᠠᠭᠠᠨ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠰᠣᠩᠭᠤᠬᠤ ᠶᠢ ᠡᠷᠡᠰ ᠲᠡᠮᠵᠢᠵᠥ᠂ ᠺᠠᠮᠪᠤᠵᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷᠳᠡᠯ ᠲᠤᠯᠭᠠᠷᠠᠬᠤ ᠦᠶ᠎ᠡ ᠳᠤ ᠴᠠᠭ ᠲᠤᠬᠠᠢ ᠳᠤᠨᠢ ᠡᠷᠬᠢᠮ ᠨᠠᠨᠳᠢᠨ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠤᠯᠤᠰ ᠤᠨ ᠡᠷᠬᠡ ᠮᠡᠲᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠦ᠂ ᠳᠤᠮᠳᠠᠳᠤ ᠤᠯᠤᠰ ᠤᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠡᠷᠡᠰ ᠲᠡᠮᠵᠢᠵᠦ᠂ ᠶᠠᠮᠠᠷᠪᠠ ᠭᠠᠳᠠᠭᠠᠳᠤ ᠶᠢᠨ ᠬᠦᠴᠦᠨ ᠤ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ᠂ ᠲᠥᠪᠡᠳ ᠲᠠᠢ ᠬᠤᠯᠪᠣᠭᠳᠠᠭᠰᠠᠨ ᠵᠡᠷᠭᠡ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠪᠢ ᠳᠤᠮᠳᠠᠳᠤ ᠤᠯᠤᠰ ᠤᠨ ︽ᠠᠯᠮᠠᠰ ᠴᠢᠯᠠᠭᠤ ᠶᠢᠨ ᠵᠢᠷᠭᠤᠭᠠᠨ        ᠲᠠᠯ᠎ᠠ︾᠎ ᠶᠢᠨ ᠬᠠᠮᠲᠤᠷᠠᠯᠴᠠᠭᠠᠨ ᠤ ᠪᠦᠲᠦᠴᠡ ᠶᠢ ᠠᠬᠢᠭᠤᠯᠬᠤ ᠲᠤᠬᠠᠢ ᠪᠣᠳᠣᠯᠬᠢᠯᠠᠯ ᠢ ᠪᠦᠷᠢᠮᠦᠰᠦᠨ ᠵᠥᠪᠰᠢᠶᠡᠷᠡᠨ᠎ᠡ᠃ ᠺᠠᠮᠪᠤᠵᠠ ᠶᠢᠨ ᠬᠢᠨ ᠺᠠᠮᠪᠤᠵᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠺᠠᠮᠪᠤᠵᠠ ᠳᠤᠮᠳᠠᠳᠤ ᠶᠢᠨ ᠨᠥᠬᠦᠷᠯᠡᠯ ᠢᠶᠠᠨ ᠴᠢᠨᠠᠭᠰᠢᠳᠠ ᠪᠠᠬᠢᠵᠢᠭᠦᠯᠵᠦ᠂ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠰᠡᠨ ᠲᠤᠷᠰᠢᠯᠭ᠎ᠠ ᠶᠢᠨ ᠰᠣᠯᠢᠯᠴᠠᠭ᠎ᠠ ᠪᠣᠯᠣᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠠᠮᠤ ᠵᠢᠭᠠᠰᠤᠨ ᠤ ᠦᠢᠯᠡᠰ ᠤᠨ ᠬᠤᠩᠭᠢᠯ︾᠎ ᠢ ᠢᠳᠡᠪᠬᠢᠲᠡᠢ ᠪᠠᠶᠢᠭᠤᠯᠵᠤ᠂ ᠺᠠᠮᠪᠤᠵᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃ ᠺᠠᠮᠪᠤᠵᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ᠃ ᠳᠤᠮᠳᠠᠳᠤ ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠺᠠᠮᠪᠤᠵᠠ ᠶᠢᠨ ᠬᠢᠨ ᠢᠳᠡᠪᠬᠢᠲᠡᠢ ᠳᠡᠮᠵᠢᠭᠦ ᠶᠢᠨ ᠬᠠᠮᠲᠤ ᠣᠷᠣᠯᠴᠠᠨ᠎ᠠ ᠭᠡᠵᠦ ᠢᠯᠡᠳᠬᠡᠪᠡ᠃

      ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠬᠥᠭᠵᠢᠯᠲᠡ ᠪᠣᠯ ᠴᠥᠭᠡᠨ ᠲᠣᠭᠠᠨ ᠤ ᠤᠯᠤᠰ ᠤᠨ ᠡᠷᠬᠡ ᠠᠰᠢᠭ ᠪᠢᠰᠢ ᠶᠤᠮ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠢ ᠡᠭᠦᠰᠬᠡᠵᠦ᠂ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠵᠦ᠂ ᠵᠡᠪᠰᠡᠭᠴᠢᠯᠡᠭᠦ᠂ ︽ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ        ᠲᠠᠰᠤᠯᠬᠤ︾᠎ ᠶᠢ ᠬᠦᠴᠦᠯᠡᠨ ᠠᠬᠢᠭᠤᠯᠬᠤ᠂ ᠪᠤᠰᠤᠳ ᠤᠯᠤᠰ ᠤᠨ ᠬᠥᠭᠵᠢᠯᠲᠡ ᠶᠢ ᠳᠠᠷᠤᠵᠤ ᠬᠤᠷᠢᠭᠯᠠᠬᠤ᠂ ᠭᠠᠵᠠᠷ ᠣᠷᠣᠨ ᠤ ᠤᠯᠤᠰ ᠤᠳ ᠢ ᠪᠦᠯᠦᠭᠯᠡᠨ ᠠᠶᠢᠮᠠᠭᠯᠠᠬᠤ ᠶᠢ ᠱᠠᠭᠠᠷᠳᠠᠬᠤ ᠪᠣᠯ ᠬᠦᠴᠦᠷᠬᠡᠭᠯᠡᠯ ᠡᠵᠡᠷᠬᠡᠭᠯᠡᠯ ᠤᠨ ᠠᠵᠢᠯᠯᠠᠭ᠎ᠠ ᠪᠣᠯᠣᠨ᠎ᠠ᠂ ᠬᠥᠮᠥᠨ ᠤ ᠰᠡᠳᠬᠢᠯ ᠢ ᠣᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃

      ᠠᠭᠤᠯᠵᠠᠯᠲᠠ ᠳᠠᠭᠤᠰᠤᠭᠰᠠᠨ ᠤ ᠳᠠᠷᠠᠭ᠎ᠠ᠂ ᠰᠢ ᠶᠢᠨ ᠫᠢᠩ ᠬᠤᠩᠰᠧᠨ ᠳᠤ ᠵᠣᠷᠢᠭᠤᠯᠤᠨ ᠳᠠᠶᠢᠯᠠᠯᠭ᠎ᠠ ᠬᠢᠪᠡ᠃

      ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ