ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/2/17

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 2 ᠰᠠᠷ᠎ᠠ ᠶᠢᠨ 16᠎ ᠤ ᠡᠳᠦᠷ ᠬᠤᠷᠠᠯ ᠬᠤᠷᠠᠯᠳᠤᠭᠤᠯᠵᠤ ᠂ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ ᠃

      ᠬᠤᠷᠠᠯ ᠠᠴᠠ ᠂ 3 ᠵᠢᠯ ᠭᠠᠷᠤᠢ ᠶᠢᠨ ᠲᠤᠷᠰᠢ ᠂ ᠮᠠᠨ ᠤ ᠤᠯᠤᠰ ᠤᠨ ᠬᠢᠵᠢᠭ ᠲᠠᠢ ᠲᠡᠮᠡᠴᠡᠵᠦ ᠬᠢᠵᠢᠭ ᠢ ᠰᠡᠷᠭᠡᠶᠢᠯᠡᠭᠰᠡᠨ ᠲᠡᠦᠬᠡᠨ ᠶᠠᠪᠤᠴᠠ ᠲᠤᠶᠢᠯ ᠤᠨ ᠶᠡᠷᠦ ᠪᠤᠰᠤ ᠶᠤᠮ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠢᠮᠠᠭᠲᠠ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ ᠂ ᠴᠢᠩᠭ᠎ᠠ ᠬᠦᠴᠦᠲᠡᠢ ᠲᠡᠦᠬᠡ ᠶᠢᠨ ᠡᠭᠦᠷᠭᠡᠯᠡᠯ ᠪᠠ ᠬᠦᠴᠦᠷᠬᠡᠭ ᠶᠡᠭᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ ᠂ ᠡᠪᠡᠳᠴᠢᠯᠡᠭᠦᠯᠬᠦ ᠬᠦᠴᠦᠨ ᠢᠶᠠᠷ ᠨᠡᠯᠢᠶᠡᠳ ᠴᠢᠩᠭ᠎ᠠ ᠂ ᠦᠭᠦᠭᠦᠯᠭᠦ ᠨᠤᠷᠮ᠎ᠠ ᠨᠡᠯᠢᠶᠡᠳ ᠥᠨᠳᠥᠷ ᠸᠢᠷᠦ᠋ᠰ ᠤᠨ ᠥᠷᠭᠡᠨ ᠢᠶᠠᠷ ᠳᠡᠯᠭᠡᠷᠡᠬᠦ ᠠᠴᠠ ᠠᠮᠵᠢᠯᠲᠠ ᠲᠠᠢ ᠵᠠᠶᠢᠯᠠᠰᠬᠢᠵᠦ ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠢ ᠬᠠᠮᠠᠭᠠᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠡᠷᠬᠢᠮ ᠨᠠᠨᠳᠢᠨ ᠴᠠᠭ ᠮᠥᠴᠡ ᠶᠢ ᠣᠯᠭᠤᠭᠰᠠᠨ ᠪᠠᠶᠢᠨ᠎ᠠ ᠃ 2022 ᠣᠨ ᠤ 11 ᠰᠠᠷ᠎ᠠ ᠠᠴᠠ ᠨᠠᠭᠠᠰᠢ ᠂ ᠪᠢᠳᠡ ︽ ᠡᠷᠡᠭᠦᠯ ᠮᠡᠨᠳᠦ ᠶᠢ ᠪᠠᠲᠤᠯᠠᠵᠤ ᠂ ᠬᠦᠨᠳᠦ ᠡᠪᠡᠳᠴᠢᠨ ᠢ ᠰᠡᠷᠭᠡᠶᠢᠯᠡᠬᠦ ︾ ᠎ ᠶᠢᠨ ᠲᠣᠭᠤᠷᠢᠨ ᠳᠤ ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ ᠂ ᠨᠡᠯᠢᠶᠡᠳ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠱᠠᠲᠤ ᠬᠤᠭᠤᠴᠠᠭ᠎ᠠ ᠰᠢᠯᠵᠢᠭᠦ ᠶᠢ ᠪᠡᠶᠡᠯᠡᠭᠦᠯᠵᠦ ᠂ 2 ᠳ᠋ᠦᠩᠰᠢᠭᠤᠷ ᠭᠠᠷᠤᠢ ᠬᠥᠮᠥᠨ ᠢ ᠡᠮᠨᠡᠨ ᠵᠠᠰᠠᠵᠤ ᠂ 80 ᠲᠦᠮᠡ ᠰᠢᠬᠠᠮ ᠬᠦᠨᠳᠦ ᠡᠪᠡᠳᠴᠢᠲᠡᠨ ᠢ ᠪᠦᠲᠦᠮᠵᠢᠲᠡᠶ ᠠᠪᠤᠷᠠᠨ ᠵᠠᠰᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠦᠬᠦᠬᠦ ᠨᠣᠷᠮ᠎ᠠ ᠶᠢ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ ᠪᠠᠶᠢᠯᠭᠠᠬᠤ ᠶᠢ ᠪᠠᠲᠤᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠡᠦᠬᠡᠨ ᠳᠡᠭᠡᠷᠡᠬᠢ ᠬᠥᠮᠥᠨ ᠠᠮᠠ ᠣᠯᠠᠨᠲᠠᠢ ᠶᠡᠭᠡ ᠤᠯᠤᠰ ᠤᠨ ᠬᠢᠵᠢᠭ ᠶᠡᠭᠡ ᠪᠠᠷ ᠦᠷᠪᠢᠰᠦᠨ ᠳᠡᠯᠭᠡᠷᠡᠬᠦ ᠶᠢ ᠬᠤᠷᠢᠭᠯᠠᠵᠤ ᠴᠢᠳᠠᠭᠰᠠᠨ ᠭᠠᠶᠢᠬᠠᠮᠰᠢᠭ ᠢ ᠡᠭᠦᠳᠴᠡᠢ ᠃ ᠨᠠᠮ ᠤᠨ ᠲᠥᠪ ᠬᠤᠷᠢᠶ᠎ᠠ ᠶᠢᠨ ᠬᠢᠵᠢᠭ ᠤᠨ ᠪᠠᠶᠢᠳᠠᠯ ᠤᠨ ᠲᠤᠬᠠᠢ ᠴᠢᠬᠤᠯᠠ ᠶᠡᠭᠡ ᠮᠠᠭᠠᠳᠯᠠᠯᠲᠠ ᠂ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠴᠢᠬᠤᠯᠠ ᠶᠡᠭᠡ ᠲᠣᠬᠢᠷᠠᠭᠤᠯᠤᠯᠲᠠ ᠪᠣᠯ ᠪᠦᠷᠢᠮᠦᠰᠦᠨ ᠵᠥᠪ ᠶᠤᠮ ᠂ ᠠᠷᠭ᠎ᠠ ᠬᠡᠮᠵᠢᠶ᠎ᠡ ᠨᠢ ᠬᠦᠴᠦᠲᠡᠢ ᠂ ᠤᠯᠠᠨ ᠲᠦᠮᠡᠨ ᠳᠤ ᠮᠡᠳᠡᠷᠡᠭᠳᠡᠵᠦ ᠂ ᠦᠷ᠎ᠡ ᠪᠦᠲᠦᠮᠵᠢ ᠨᠢ ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠣᠳᠣᠬᠠᠨ ᠳᠤ ᠪᠦᠭᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠵᠤ ᠂ ︽ ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾᠎ ᠶᠢᠨ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠲᠤᠨ ᠳᠤ ᠲᠣᠭᠲᠠᠭᠤᠨ ᠢᠶᠠᠷ ᠣᠷᠣᠪᠠ ᠂ ᠭᠡᠪᠡᠴᠦ ᠪᠦᠭᠦ ᠪᠥᠮᠪᠥᠷᠴᠡᠭ ᠲᠤ ᠬᠢᠵᠢᠭ ᠮᠥᠨ ᠬᠦ ᠳᠡᠯᠭᠡᠷᠡᠵᠦ ᠂ ᠸᠢᠷᠦ᠋ᠰ ᠮᠥᠨ ᠬᠦ ᠲᠠᠰᠤᠷᠠᠯᠲᠠ ᠦᠭᠡᠢ ᠣᠨᠳᠣᠣᠰᠢᠨ ᠬᠤᠪᠢᠷᠠᠵᠤ ᠪᠠᠶᠢᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ 3 ᠵᠢᠯ ᠭᠠᠷᠤᠢ ᠶᠢᠨ ᠲᠤᠷᠰᠢᠬᠢ ᠢᠯᠠᠩᠭᠤᠶ᠎ᠠ ᠣᠶᠢᠷ᠎ᠠ ᠶᠢᠨ ᠨᠢᠭᠡ ᠬᠡᠰᠡᠭ ᠬᠤᠭᠤᠴᠠᠭᠠᠨ ᠤ ᠲᠤᠷᠰᠢᠯᠭ᠎ᠠ ᠠᠷᠭ᠎ᠠ ᠬᠢᠳᠡᠯ ᠢᠶᠠᠨ ᠭᠦᠨᠵᠡᠭᠡᠢ ᠳ᠋ᠦᠩᠨᠡᠵᠦ ᠂ ᠬᠠᠮᠢᠶ᠎ᠠ ᠪᠦᠬᠦᠢ ᠲᠣᠭᠲᠠᠴᠠ ᠪᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ ᠂ ᠰᠢᠨ᠎ᠡ ᠱᠠᠲᠤ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ ᠂ ᠭᠢᠯᠪᠠᠷ ᠪᠤᠰᠤ ᠪᠠᠷ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠲᠦᠷᠪᠡᠨ ᠲᠠᠯ᠎ᠠ ᠶᠢᠨ ᠬᠠᠷᠢᠭᠤᠴᠠᠯᠭ᠎ᠠ ︾᠎ ᠶᠢ ᠪᠣᠳᠠᠲᠠᠶᠢᠵᠢᠭᠤᠯᠵᠤ ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠂ ᠠᠶᠤᠯ ᠲᠦᠭᠰᠢᠭᠦᠷᠢ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ ᠂ ᠤᠳᠤ ᠶᠢᠨ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ ᠲᠠᠭᠢᠨ ᠠᠬᠢᠭᠤᠯᠵᠤ ᠲᠠᠭᠢᠨ ᠨᠠᠶᠢᠳᠠᠪᠤᠷᠢᠵᠢᠭᠤᠯᠬᠤ ᠬᠡᠷᠡᠭᠲᠡᠢ ᠃ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠪᠠ ᠪᠠᠶᠢᠩᠭᠤᠵᠢᠭᠤᠯᠤᠨ ᠤᠷᠢᠳᠴᠢᠯᠠᠨ ᠰᠡᠷᠡᠮᠵᠢᠯᠡᠭᠦᠯᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠰᠢᠰᠲ᠋ᠧᠮ ᠪᠣᠯᠣᠨ ᠮᠡᠳᠡᠭᠡ ᠵᠠᠩᠭᠢ ᠶᠢ ᠮᠡᠳᠡᠭᠦᠯᠭᠦ ᠳᠦᠷᠢᠮ ᠢ ᠪᠦᠷᠢᠨᠰᠢᠭᠦᠯᠵᠦ ᠂ ᠴᠠᠭ ᠲᠤᠬᠠᠢ ᠳᠤᠨᠢ ᠣᠨᠣᠪᠴᠢᠲᠠᠶ ᠤᠷᠢᠳᠴᠢᠯᠠᠨ ᠰᠡᠷᠡᠮᠵᠢᠯᠡᠭᠦᠯᠭᠦ ᠶᠢᠨ ᠬᠠᠮᠲᠤ ᠴᠢᠬᠤᠯᠠ ᠪᠦᠬᠦᠢ ᠪᠠᠴᠢᠮ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ ᠃ ᠸᠢᠷᠦ᠋ᠰ ᠤᠨ ᠣᠨᠳᠣᠣᠰᠢᠯ ᠪᠠ ᠸᠠᠺᠼᠢᠨ ᠤ ᠬᠠᠮᠠᠭᠠᠯᠠᠯᠲᠠ ᠶᠢᠨ ᠪᠠᠶᠢᠳᠠᠯ ᠢ ᠦᠨᠳᠦᠰᠦᠯᠡᠨ ᠂ ᠲᠠᠷᠠᠭᠠᠴᠢ ᠶᠢᠨ ᠱᠠᠲᠤᠨ ᠤ ᠸᠠᠺᠼᠢᠨ ᠤ ᠲᠠᠷᠢᠯᠭ᠎ᠠ ᠬᠢᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠨᠠᠰᠤᠲᠠᠶᠢᠴᠤᠳ ᠤᠨ ᠲᠠᠷᠢᠯᠭ᠎ᠠ ᠬᠢᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ ᠃ ᠪᠠᠶᠢᠩᠭᠤᠵᠢᠭᠰᠠᠨ ᠲᠡᠰ ᠬᠤᠪᠢᠶᠠᠬᠤ ᠱᠠᠲᠤ ᠬᠤᠪᠢᠶᠠᠬᠤ ᠲᠠᠷᠬᠠᠭᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠠᠷ ᠭᠤᠣᠯ ᠴᠣᠭᠴᠠ ᠪᠤᠯᠭᠠᠬᠰᠠᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ ᠃ ᠡᠮᠴᠢᠯᠡᠭᠡᠨ ᠤ ᠡᠳ᠋ ᠪᠣᠳᠠᠰ ᠤᠨ ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ ᠂ ᠨᠥᠭᠡᠴᠡᠯᠡᠬᠦ ᠳᠦᠷᠢᠮ ᠪᠣᠯᠣᠨ ᠭᠠᠷᠴᠠᠭ ᠢ ᠲᠡᠭᠦᠯᠳᠡᠷᠵᠢᠭᠦᠯᠵᠦ ᠂ ᠠᠵᠢᠯᠲᠠᠨ ᠂ ᠡᠳ᠋ ᠪᠣᠳᠠᠰ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠴᠢᠳᠠᠪᠤᠷᠢ ᠂ ᠡᠮ ᠤᠨ ᠵᠦᠢᠯᠡᠰ ᠂ ᠲᠤᠨᠤᠭ ᠲᠥᠬᠦᠭᠡᠷᠦᠮᠵᠢ ᠵᠡᠷᠭᠡ ᠲᠠᠯ᠎ᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠡᠯ᠎ᠡ ᠲᠠᠯ᠎ᠠ ᠶᠢᠨ ᠬᠦᠴᠦᠨ ᠢ ᠬᠤᠷᠠᠮᠳᠤᠭᠤᠯᠤᠨ ᠠᠮᠢ ᠨᠠᠰᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠬᠢᠵᠢᠭ ᠲᠠᠢ ᠲᠡᠮᠡᠴᠡᠭᠰᠡᠨ ᠴᠢᠬᠤᠯᠠ ᠦᠷ᠎ᠡ ᠪᠦᠲᠦᠭᠡᠯ ᠢ ᠬᠤᠪᠢ ᠳᠠᠭᠢᠨ ᠨᠠᠨᠳᠢᠩᠨᠠᠵᠤ ᠂ ᠳᠤᠮᠳᠠᠳᠤ ᠤᠯᠤᠰ ᠤᠨ ᠬᠢᠵᠢᠭ ᠲᠠᠢ ᠲᠡᠮᠡᠴᠡᠭᠰᠡᠨ ᠥᠯᠢᠭᠡᠷ ᠢ ᠰᠠᠶᠢᠲᠤᠷ ᠶᠠᠷᠢᠵᠤ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠠᠷᠰᠢ ᠰᠠᠭᠠᠳ ᠢ ᠢᠯᠡᠨ ᠳᠠᠪᠠᠵᠤ ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ