ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠰᠠᠯᠬᠢ ᠭᠡᠷᠡᠯ ᠢ ᠠᠭᠤᠰᠤᠯᠴᠠᠭᠤᠯᠤᠭᠰᠠᠨ ᠪᠣᠬᠢᠷᠳᠤᠯ ᠦᠭᠡᠢ ᠤᠰᠤᠲᠥ᠋ᠷᠥᠭᠴᠢ ᠬᠢᠮᠢ  ᠶᠢᠨ ᠠᠵᠤ ᠦᠢᠯᠡᠳᠪᠦᠷᠢ  ᠶᠢᠨ ᠵᠢᠱᠢᠶ᠎ᠡ ᠦᠵᠡᠭᠦᠯᠭᠦ ᠲᠥᠷᠥᠯ ᠵᠦᠢᠯ  ᠤᠨ ᠪᠠᠷᠢᠯᠭ᠎ᠠ ᠶᠢᠨ ᠠᠵᠢᠯ ᠡᠬᠢᠯᠡᠪᠡ  ᠸᠠᠩ ᠯᠢ ᠰᠢᠶᠠ ᠡᠭᠦᠯᠡᠨ ᠲᠠᠪᠴᠠᠩ  ᠢᠶᠠᠷ ᠣᠷᠣᠯᠴᠠᠵᠠᠢ
ᠨᠡᠶᠢᠲᠡᠯᠡᠭᠰᠡᠨ ᠴᠠᠭ᠄
2023/2/17
      2 ᠰᠠᠷ᠎ᠠ ᠶᠢᠨ 16  ᠤ ᠡᠳᠦᠷ ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠰᠠᠯᠬᠢ ᠭᠡᠷᠡᠯ ᠢ ᠠᠭᠤᠰᠤᠯᠴᠠᠭᠤᠯᠤᠭᠰᠠᠨ ᠪᠣᠬᠢᠷᠳᠤᠯ ᠦᠭᠡᠢ ᠤᠰᠤᠲᠥ᠋ᠷᠥᠭᠴᠢ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠭᠦ ᠲᠦᠷᠦᠯ ᠵᠦᠢᠯ ᠣᠷᠳᠣᠰ ᠤᠨ ᠦᠦᠰᠢᠨ ᠬᠤᠰᠢᠭᠤᠨ ᠳᠤ ᠪᠠᠷᠢᠯᠭ᠎ᠠ ᠶᠢᠨ ᠠᠵᠢᠯ ᠢᠶᠠᠨ ᠡᠬᠢᠯᠡᠭᠦᠯᠪᠡ ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠡᠭᠦᠯᠡᠨ ᠲᠠᠪᠴᠠᠩ ᠢᠶᠠᠷ ᠪᠠᠷᠢᠯᠭ᠎ᠠ ᠶᠢᠨ ᠠᠵᠢᠯ ᠡᠭᠢᠯᠡᠭᠦ ᠶᠣᠰᠣᠯᠠᠯ ᠳᠤ ᠣᠷᠣᠯᠴᠠᠪᠠ ᠃

W020230217307986471769.jpg

      ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 57 ᠳ᠋ᠦᠩᠰᠢᠭᠤᠷ ᠲᠥᠭᠦᠷᠢᠭ ᠪᠠᠶᠢᠵᠤ ᠂ ᠵᠢᠱᠢᠯᠲᠡ ᠪᠠᠷ 2024 ᠣᠨ ᠳᠤ ᠪᠦᠲᠦᠭᠡᠨ

ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠴᠠᠭᠠᠨ ᠰᠠᠷ᠎ᠠ ᠠᠴᠠ ᠨᠠᠭᠠᠰᠢᠬᠢ ᠬᠠᠮᠤᠭ ᠤᠨ ᠲᠦᠷᠦᠭᠦᠨ

 ᠳᠤ ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠭᠰᠡᠨ ᠴᠢᠬᠤᠯᠠ ᠶᠡᠭᠡ ᠲᠥᠷᠥᠯ ᠵᠦᠢᠯ ᠪᠠᠶᠢᠵᠤ ᠂ ᠪᠡᠭᠡᠵᠢᠩ ᠂ ᠭᠦᠭᠡᠬᠤᠲᠠ ᠂ ᠣᠷᠳᠣᠰ ᠭᠤᠷᠪᠠᠨ ᠭᠠᠵᠠᠷ ᠲᠤ ᠡᠭᠦᠯᠡᠨ

ᠲᠠᠪᠴᠠᠩ ᠢᠶᠠᠷ ᠪᠠᠷᠢᠯᠭ᠎ᠠ ᠶᠢᠨ ᠠᠵᠢᠯ ᠢᠶᠠᠨ ᠡᠭᠢᠯᠡᠭᠦᠯᠭᠦ ᠶᠣᠰᠣᠯᠠᠯ ᠶᠠᠪᠤᠭᠳᠠᠭᠤᠯᠪᠠ ᠃  ᠲᠥᠷᠥᠯ ᠵᠦᠢᠯ ᠨᠢ ᠣᠷᠳᠣᠰ ᠤᠨ ᠡᠯᠪᠡᠭ ᠪᠠᠶᠠᠯᠢᠭ ᠰᠠᠯᠬᠢ ᠭᠡᠷᠡᠯ ᠤᠨ ᠡᠬᠢ

ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠂ ᠰᠠᠯᠬᠢᠨ ᠬᠦᠴᠦᠨ ᠂ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠵᠤ ᠴᠠᠭᠢᠯᠭᠠᠨ ᠢᠶᠠᠷ ᠵᠠᠳᠠᠯᠤᠭᠰᠠᠨ ᠤᠰᠤ ᠪᠠᠷ

ᠤᠰᠤᠲᠥ᠋ᠷᠥᠭᠴᠢ ᠦᠢᠯᠡᠳᠭᠦ ᠶᠢ ᠠᠰᠢᠭᠯᠠᠨ ᠂ ᠨᠡᠭᠦᠷᠡᠰᠦ ᠶᠢ ᠡᠳ᠋ᠰᠢᠭᠦᠯᠦᠨ ᠪᠤᠯᠪᠠᠰᠤᠷᠠᠭᠤᠯᠬᠤ ᠳᠤᠮᠳᠠᠬᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢ ᠪᠠᠭᠤᠷᠠᠭᠤᠯᠵᠤ

ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠯᠦᠭᠡ ᠰᠠᠯᠬᠢ ᠭᠡᠷᠡᠯ ᠢᠶᠠᠷ ᠴᠠᠭᠢᠯᠭᠠᠨ ᠭᠠᠷᠭᠠᠬᠤ ᠂ ᠪᠣᠬᠢᠷᠳᠤᠯ ᠦᠭᠡᠢ ᠴᠠᠭᠢᠯᠭᠠᠨ ᠢ ᠭᠦᠷᠭᠡᠭᠦ ᠂ ᠪᠣᠬᠢᠷᠳᠤᠯ ᠦᠭᠡᠢ

ᠴᠠᠭᠢᠯᠭᠠᠨ ᠢᠶᠠᠷ ᠤᠰᠤᠲᠥ᠋ᠷᠥᠭᠴᠢ ᠦᠶᠯᠡᠳᠭᠦ ᠂ ᠪᠣᠬᠢᠷᠳᠤᠯ ᠦᠭᠡᠢ ᠴᠠᠭᠢᠯᠭᠠᠨ ᠢ ᠨᠥᠭᠡᠴᠡᠯᠡᠨ ᠭᠦᠷᠭᠡᠭᠦ ᠂ ᠪᠣᠬᠢᠷᠳᠤᠯ ᠦᠭᠡᠢ ᠤᠰᠤᠲᠥ᠋ᠷᠥᠭᠴᠢᠲᠤ ᠡᠪᠴᠡᠯ ᠤᠨ

ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ ᠂ ᠤᠯᠠᠮᠵᠢᠯᠠᠯᠲᠤ

ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠬᠢᠭᠡᠳ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠢ ᠨᠢᠭᠡ ᠴᠣᠭᠴᠠᠵᠢᠭᠤᠯᠤᠨ ᠠᠭᠤᠰᠤᠯᠴᠠᠭᠤᠯᠤᠨ

ᠬᠥᠭᠵᠢᠭᠦᠯᠬᠦ ᠶᠢ ᠠᠬᠢᠭᠤᠯᠤᠨ ᠂ ᠨᠡᠭᠦᠷᠡᠰᠦᠲᠥ᠋ᠷᠥᠭᠴᠢ ᠶᠡᠬᠡᠲᠡᠢ ᠠᠵᠤ ᠦᠢᠯᠡᠰ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠲᠡᠶᠢᠰᠢ

ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ ᠃

W020230217307991665352.jpg

      ᠡᠨᠡ ᠵᠢᠯ ᠪᠣᠯ ᠥᠪᠥᠷ ᠮᠣᠩᠭᠤᠯ ᠤᠨ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠢ ᠬᠥᠭᠵᠢᠭᠦᠯᠬᠦ ᠠᠩᠬᠠᠨ ᠤ ᠵᠢᠯ ᠪᠣᠯᠣᠨ᠎ᠠ ᠂ ᠪᠦᠭᠦ

ᠣᠷᠣᠨ ᠳᠤ ᠨᠢᠭᠡᠨᠲᠡ 31 ᠲᠥᠷᠥᠯ ᠵᠦᠢᠯ ᠢ ᠵᠥᠪᠰᠢᠶᠡᠷᠡᠵᠦ ᠂ ᠨᠡᠶᠢᠲᠡ 52 ᠲᠦᠮᠡᠨ ᠲᠣᠨ ᠤ ᠦᠢᠯᠡᠳᠪᠦᠷᠢᠯᠡᠯ ᠤᠨ ᠴᠢᠳᠠᠪᠤᠷᠢ ᠲᠠᠢ ᠂ ᠡᠨᠡ ᠵᠢᠯ ᠪᠦᠭᠦ ᠲᠠᠯ᠎ᠠ ᠪᠠᠷ

ᠠᠵᠢᠯ ᠢᠶᠠᠨ ᠡᠬᠢᠯᠡᠭᠦᠯᠦᠭᠰᠡᠨ ᠪᠥᠭᠡᠳ 2 ᠲᠦᠮᠡᠨ ᠲᠣᠨ ᠣᠷᠴᠢᠮ ᠤᠨ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠤ ᠂ ᠪᠣᠬᠢᠷᠳᠤᠯ ᠦᠭᠡᠢ ᠤᠰᠤᠲᠥ᠋ᠷᠥᠭᠴᠢ ᠶᠢᠨ

ᠠᠵᠤ ᠦᠢᠯᠡᠰ ᠤᠨ ᠲᠣᠮᠣ ᠣᠷᠣᠨ ᠲᠡᠶᠢᠰᠢ ᠠᠩᠬᠠᠨ ᠤ ᠠᠯᠬᠤᠮ ᠢ ᠠᠯᠬᠤᠬᠤ ᠪᠣᠯᠣᠨ᠎ᠠ ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ

ᠬᠤᠸᠠᠩ ᡁᠢ ᠴᠢᠶᠠᠩ ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠮᠠ ᠶᠦᠩ ᠱᠧᠩ ᠲᠣᠰ ᠲᠣᠰ ᠭᠦᠭᠡᠬᠤᠲᠠ ᠂ ᠪᠡᠭᠡᠵᠢᠩ ᠳᠤ ᠪᠠᠷᠢᠯᠭ᠎ᠠ ᠶᠢᠨ ᠠᠵᠢᠯ ᠡᠭᠢᠯᠡᠭᠦ

ᠶᠣᠰᠣᠯᠠᠯ ᠳᠤ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠵᠡᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ