ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠪᠠᠶᠢᠯᠳᠤᠬᠤ ᠪᠣᠳᠣᠯᠭ᠎ᠠ  ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ  ᠰᠦᠨ ᠱᠤᠤ ᠴᠧᠩ  ᠸᠠᠩ ᠯᠢ ᠰᠢᠶᠠ  ᠽᠧᠦ ᠯᠧᠢ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2023/2/20
      2 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠤᠰ ᠭᠠᠷᠠᠭ ᠤᠨ ᠭᠤᠷᠪᠠᠳᠤᠭᠠᠷ ᠪᠦᠯᠦᠭ  ᠤᠨ ᠴᠢᠬᠤᠯᠠ ᠵᠣᠴᠢᠨ ᠪᠤᠯᠬᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ ᠨᠠᠷ ᠢ ᠤᠭᠲᠤᠪᠠ᠃ ᠲᠤᠰ ᠡᠳᠦᠷ᠂ ᠳ᠋ᠠ ᠲᠠᠩ ᠪᠦᠯᠦᠭᠯᠡᠯ ᠤᠨ ᠬᠢᠨ ᠲᠤᠰ ᠲᠤᠰ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠯᠦᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂           ᠰᠦᠨ ᠱᠤᠤ ᠴᠧᠩ᠂ ᠸᠠᠩ ᠯᠢ ᠰᠢᠶᠠ ᠭᠦᠭᠡᠬᠤᠲᠠ ᠳᠤ ᠽᠧᠦ ᠯᠧᠢ ᠨᠠᠷ ᠲᠠᠢ ᠠᠭᠤᠯᠵᠠᠪᠠ᠃
1.jpg
      ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠪᠣᠯ ᠲᠥᠪ ᠠᠴᠠ ᠰᠢᠭᠤᠳ ᠬᠠᠮᠢᠶᠠᠷᠴᠤ ᠪᠠᠶᠢᠭ᠎ᠠ ᠣᠨᠴᠠ ᠲᠣᠮᠣ ᠭᠡᠯᠪᠡᠷᠢ ᠶᠢᠨ ᠴᠠᠭᠢᠯᠭᠠᠨ ᠭᠠᠷᠭᠠᠬᠤ ᠪᠦᠯᠦᠭᠯᠡᠯ ᠪᠠᠶᠢᠵᠤ᠂ ᠥᠪᠥᠷ ᠮᠣᠩᠭᠤᠯ ᠢ ᠢᠮᠠᠭᠲᠠ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ ᠪᠠ ᠬᠥᠭᠵᠢᠯᠲᠡ ᠶᠢᠨ ᠥᠨᠳᠦᠷᠯᠢᠭ ᠪᠤᠯᠭᠠᠵᠤ᠂ ᠢᠯᠴᠢ ᠶᠢᠨ ᠴᠠᠭᠢᠯᠭᠠᠨ᠂ ᠰᠢᠨ᠎ᠡ ᠡᠨᠧᠷᠭᠢ᠂ ᠨᠡᠭᠦᠷᠡᠰᠦ᠂ ᠨᠡᠭᠦᠷᠡᠰᠦ ᠪᠠ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶᠡᠨ ᠳᠤ ᠠᠯᠢ ᠤᠯᠠᠨ ᠲᠦᠷᠦᠯ ᠵᠦᠢᠯ ᠳᠤ ᠪᠡᠯᠡ ᠣᠷᠣᠭᠤᠯᠵᠤ ᠪᠦᠲᠦᠭᠡᠨ ᠪᠠᠶᠢᠭᠤᠯᠪᠠ᠃ ᠲᠣᠰ ᠤᠳᠠᠭ᠎ᠠ ᠭᠠᠷ ᠤᠨ ᠦᠰᠦᠭ ᠵᠢᠷᠤᠭᠰᠠᠨ ᠵᠥᠪᠯᠡᠯᠴᠡᠭᠡᠷ ᠢ ᠦᠨᠳᠦᠰᠦᠯᠡᠪᠡᠯ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠢᠷᠡᠬᠦ ᠲᠠᠪᠤᠨ ᠵᠢᠯ ᠳᠤ ᠥᠪᠥᠷ ᠮᠣᠩᠭᠤᠯ ᠳᠤ 1000 ᠳ᠋ᠦᠩᠰᠢᠭᠤᠷ ᠲᠥᠭᠦᠷᠢᠭ ᠤᠨ ᠪᠡᠯᠡ ᠨᠡᠮᠡᠵᠦ ᠣᠷᠣᠭᠤᠯᠬᠤ ᠪᠠᠷ ᠲᠥᠯᠥᠪᠯᠡᠵᠦ᠂ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ᠂ ᠨᠡᠷᠡᠨ ᠤ ᠡᠨᠧᠷᠭᠢ᠂ ᠪᠣᠬᠢᠷᠳᠤᠯ ᠦᠭᠡᠢ ᠴᠠᠭᠢᠯᠭᠠᠨ ᠢᠶᠠᠷ ᠤᠰᠤᠲᠥ᠋ᠷᠥᠭᠴᠢ ᠦᠶᠯᠡᠳᠭᠦ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ᠂ ᠴᠡᠪᠡᠷ ᠨᠡᠭᠦᠷᠡᠰᠦ  ᠪᠠᠷ ᠴᠠᠭᠢᠯᠭᠠᠨ ᠭᠠᠷᠭᠠᠬᠤ᠂ ᠨᠡᠭᠦᠷᠡᠰᠦ᠂ ᠨᠡᠭᠦᠷᠡᠰᠦ ᠪᠠ ᠬᠢᠮᠢ ᠶᠢᠨ ᠠᠵᠤ ᠦᠢᠯᠡᠳᠪᠦᠷᠢ᠂ ᠬᠤᠲᠠ ᠪᠠᠯᠭᠠᠰᠤᠨ ᠤ ᠢᠯᠴᠢ ᠬᠠᠩᠭᠠᠬᠤ ᠵᠡᠷᠭᠡ ᠬᠦᠷᠢᠶᠡᠨ ᠳᠤ ᠥᠪᠡᠷᠲᠡᠭᠡᠨ ᠵᠠᠰᠠᠬᠤ ᠣᠷᠣᠨ ᠤ ᠲᠤᠬᠠᠢ ᠶᠢᠨ ᠭᠠᠵᠠᠷ ᠤᠨ ᠠᠵᠤ ᠠᠬᠤᠶᠢᠯᠠᠯ ᠲᠠᠢ ᠪᠦᠭᠦ ᠲᠠᠯ᠎ᠠ᠂ ᠭᠦᠨ ᠳᠠᠪᠬᠤᠷᠭ᠎ᠠ ᠶᠢᠨ ᠣᠯᠠᠨ ᠶᠠᠩᠵᠤᠴᠢᠯᠠᠭᠰᠠᠨ ᠬᠠᠮᠲᠤᠷᠠᠯᠴᠠᠭ᠎ᠠ ᠥᠷᠨᠢᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠪᠦᠷ ᠠᠰᠢᠭ ᠭᠦᠷᠳᠡᠭᠦ ᠶᠢ ᠠᠬᠢᠭᠤᠯᠤᠨ᠎ᠠ᠃ ᠳ᠋ᠠ ᠲᠠᠩ ᠪᠦᠯᠦᠭᠯᠡᠯ ᠥᠪᠥᠷ ᠮᠣᠩᠭᠤᠯ ᠤᠨ ᠬᠤᠪᠢᠶᠠᠷᠢ ᠺᠤᠮᠫᠠᠨᠢ ᠪᠠᠨ ᠰᠠᠯᠪᠤᠷᠢ ᠺᠤᠮᠫᠠᠨᠢ ᠪᠣᠯᠭᠠᠨ ᠥᠭᠡᠷᠡᠴᠢᠯᠡᠵᠦ᠂ ᠳ᠋ᠠ ᠲᠠᠩ ᠥᠪᠥᠷ ᠮᠣᠩᠭᠤᠯ ᠤᠨ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠶᠢ ᠪᠠᠶᠢᠭᠤᠯᠵᠤ᠂ 2 ᠰᠠᠷ᠎ᠠ ᠶᠢᠨ 17 ᠤ ᠡᠳᠦᠷ ᠫᠠᠶᠢᠰᠠ ᠰᠡᠭᠦᠭᠦ ᠶᠣᠰᠣᠯᠠᠯ ᠶᠠᠪᠤᠭᠳᠠᠭᠤᠯᠪᠠ᠃
2.jpg
      ᠠᠭᠤᠯᠵᠠᠬᠤ ᠦᠶᠡᠰ᠂ ᠰᠦᠨ ᠱᠤᠤ ᠴᠧᠩ ᠡᠩ ᠲᠡᠷᠢᠭᠦᠨ ᠳᠤ ᠽᠧᠦ ᠯᠧᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠯᠠᠨ ᠵᠢᠯ ᠤᠨ ᠲᠤᠷᠰᠢ ᠥᠪᠥᠷ ᠮᠣᠩᠭᠤᠯ ᠪᠣᠯᠣᠨ ᠳ᠋ᠠ ᠲᠠᠩ ᠪᠦᠯᠦᠭᠯᠡᠯ ᠮᠠᠰᠢ ᠰᠠᠶᠢᠨ ᠬᠠᠮᠲᠤᠷᠠᠨ ᠠᠵᠢᠯᠯᠠᠵᠤ᠂ ᠵᠠᠷᠢᠮ ᠲᠡᠦᠬᠡᠨ ᠦᠯᠡᠳᠡᠭᠳᠡᠯ ᠠᠰᠠᠭᠤᠳᠠᠯ ᠢ ᠴᠤ ᠰᠢᠢᠳᠪᠦᠷᠢᠯᠡᠵᠡᠢ᠂ ᠳ᠋ᠠ ᠲᠠᠩ ᠪᠦᠯᠦᠭᠯᠡᠯ ᠤᠨ ᠥᠪᠥᠷ ᠮᠣᠩᠭᠤᠯ ᠳᠤ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠢ ᠢᠯᠡᠭᠦᠬᠡᠨ ᠪᠠᠶᠢᠷᠢᠰᠢᠭᠤᠯᠵᠤ᠂ ᠠᠵᠤ ᠠᠬᠤᠶᠢᠯᠠᠯ ᠠᠰᠢᠭ ᠣᠯᠵᠠᠪᠤᠷᠢ ᠲᠠᠢ ᠪᠣᠯᠵᠤ ᠣᠷᠣᠨ ᠨᠤᠲᠤᠭ ᠭᠦᠭᠵᠢᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠲᠠᠯ᠎ᠠ ᠪᠠᠷ᠂ ᠪᠢᠳᠡ ᠬᠠᠮᠲᠤᠷᠠᠨ ᠠᠵᠢᠯᠯᠠᠬᠤ ᠶᠢ ᠰᠠᠨᠠᠭᠠᠴᠢᠯᠠᠵᠤ᠂ ︽ᠪᠣᠷᠣᠯᠠᠭᠤᠯᠤᠭᠠᠳ ᠪᠣᠯᠭᠠᠴᠢᠬᠠᠬᠤ︾ ᠶᠠᠪᠤᠳᠠᠯ ᠢ ᠲᠠᠭᠢᠵᠤ ᠬᠢᠬᠦ ᠦᠭᠡᠢ᠃ ᠠᠵᠤ ᠠᠬᠤᠶᠢᠯᠠᠯ ᠤᠨ ᠥᠪᠡᠷ ᠢᠶᠠᠨ ᠰᠢᠩᠭᠡᠭᠡᠵᠦ ᠳᠡᠶᠢᠯᠭᠦ ᠰᠢᠨ᠎ᠡ ᠡᠨᠧᠷᠭᠢ ᠶᠢᠨ ᠲᠦᠷᠦᠯ ᠵᠦᠢᠯ ᠢ ᠪᠢᠳᠡ ᠴᠥᠮ ᠪᠦᠭᠦ ᠬᠦᠴᠦ ᠪᠠᠷ ᠢᠶᠠᠨ ᠳᠡᠮᠵᠢᠵᠦ ᠪᠠᠲᠤᠯᠠᠭ᠎ᠠ ᠬᠠᠩᠭᠠᠨ᠎ᠠ᠃ ᠡᠭᠦᠨ ᠤ ᠬᠠᠮᠲᠤ᠂ ᠳ᠋ᠠ ᠲᠠᠩ ᠪᠦᠯᠦᠭᠯᠡᠯ ᠤᠨ ᠥᠪᠥᠷ ᠮᠣᠩᠭᠤᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠳᠠᠭᠠᠭᠤᠯᠤᠨ ᠬᠠᠮᠲᠤ ᠪᠠᠷ ᠠᠵᠢᠯᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠷᠢᠯᠢᠭᠵᠢᠭᠰᠠᠨ ᠬᠠᠮᠢᠶᠠᠷᠤᠯᠲᠠ᠂ ᠰᠢᠨ᠎ᠡ ᠡᠨᠧᠷᠭᠢ ᠶᠢ ᠭᠦᠨᠵᠡᠭᠡᠢ ᠨᠡᠭᠡᠭᠡᠨ ᠠᠰᠢᠭᠯᠠᠬᠤ ᠵᠡᠷᠭᠡ ᠲᠠᠯ᠎ᠠ ᠪᠠᠷ ᠪᠢᠳᠡᠨ ᠳᠤ ᠤᠯᠠᠨ ᠰᠠᠶᠢᠨ ᠠᠷᠭ᠎ᠠ ᠤᠬᠠᠭᠠᠨ ᠭᠠᠷᠭᠠᠨ ᠥᠭᠭᠦ ᠶᠢ ᠬᠦᠰᠡᠵᠦ ᠪᠠᠶᠢᠨ᠎ᠠ ᠭᠡᠵᠦ ᠬᠡᠯᠡᠪᠡ᠃
3.jpg
      ᠽᠧᠦ ᠯᠧᠢ᠂ ᠳ᠋ᠠ ᠲᠠᠩ ᠪᠦᠯᠦᠭᠯᠡᠯ ᠥᠪᠥᠷ ᠮᠣᠩᠭᠤᠯ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠶᠤᠮ᠂ ᠥᠪᠥᠷ ᠮᠣᠩᠭᠤᠯ ᠭᠤᠷᠪᠠᠨ ︽ᠳᠡᠯᠡᠬᠡᠢ ᠶᠢᠨ ᠲᠡᠷᠢᠭᠦᠨ︾ ᠪᠣᠯᠤᠭᠰᠠᠨ ᠠᠮᠵᠢᠯᠲᠠ ᠶᠢ ᠣᠯᠵᠠᠢ᠂ ᠪᠢᠳᠡ ᠤᠳᠤ ᠶᠠᠭ ᠨᠥᠭᠡᠴᠡ ᠡᠳ᠋ ᠬᠥᠷᠥᠩᠭᠡ ᠶᠢ ᠢᠳᠡᠪᠬᠢᠲᠡᠢ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠭᠤᠣᠯᠳᠠᠯᠭ᠎ᠠ ᠪᠠᠨ ᠥᠪᠥᠷ ᠮᠣᠩᠭᠤᠯ ᠲᠡᠶᠢᠰᠢ ᠰᠢᠯᠵᠢᠭᠦᠯᠭᠦ ᠶᠢ ᠠᠬᠢᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠨ᠎ᠡ ᠡᠨᠧᠷᠭᠢ᠂ ᠪᠣᠬᠢᠷᠳᠤᠯ ᠦᠭᠡᠢ ᠨᠡᠭᠦᠷᠡᠰᠦ ᠪᠠ ᠬᠢᠮᠢ ᠶᠢᠨ ᠠᠵᠤ ᠦᠢᠯᠡᠳᠪᠦᠷᠢ᠂ ᠪᠣᠬᠢᠷᠳᠤᠯ ᠦᠭᠡᠢ ᠴᠠᠭᠢᠯᠭᠠᠨ ᠢᠶᠠᠷ ᠪᠣᠬᠢᠷᠳᠤᠯ ᠦᠭᠡᠢ ᠤᠰᠤᠲᠥ᠋ᠷᠥᠭᠴᠢ ᠤᠶᠢᠯᠡᠳᠭᠦ ᠵᠡᠷᠭᠡ ᠬᠦᠷᠢᠶᠡᠨ ᠤ ᠲᠣᠭᠤᠷᠢᠨ ᠳᠤ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠨᠠᠩ ᠰᠠᠶᠢᠲᠤᠷ ᠳᠡᠮᠵᠢᠨ᠎ᠠ ᠭᠡᠵᠦ ᠬᠡᠯᠡᠪᠡ᠃      ᠬᠤᠸᠠᠩ ᡁᠢ ᠴᠢᠶᠠᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ