ᠳ᠋ᠦᠩ ᠹᠠᠩ ᠴᠠᠭᠢᠯᠭᠠᠨ  ᠤ ᠪᠦᠯᠦᠭᠯᠡᠯ ᠮᠠᠨ  ᠤ ᠣᠷᠣᠨ  ᠳᠤ ᠢᠷᠡᠵᠦ ᠨᠠᠩ ᠥᠷᠭᠡᠨ ᠬᠦᠷᠢᠶ᠎ᠡ ᠨᠠᠩ ᠭᠦᠨ ᠳᠠᠪᠬᠤᠷᠭ᠎ᠠ  ᠶᠢᠨ ᠬᠠᠮᠲᠤᠷᠠᠯᠴᠠᠭ᠎ᠠ  ᠶᠢ ᠡᠷᠢᠯᠬᠢᠯᠡᠪᠡ  ᠰᠦᠨ ᠱᠤᠤ ᠴᠧᠩ  ᠸᠠᠩ ᠯᠢ ᠰᠢᠶᠠ  ᠢᠦᠢ ᠫᠧᠢ ᠭᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2023/2/20
      ᠭᠤᠷᠪᠠᠨ ᠪᠦᠯᠦᠭ ᠴᠢᠬᠤᠯᠠ ᠵᠣᠴᠢᠨ ᠢ ᠤᠭᠲᠤᠨ ᠠᠪᠤᠭᠰᠠᠨ ᠤ ᠳᠠᠷᠠᠭ᠎ᠠ᠂ ᠡᠨᠡ ᠭᠠᠷᠠᠭ ᠤᠨ ᠰᠡᠭᠦᠯᠴᠢ ᠪᠠᠷ ᠮᠠᠨ ᠤ ᠣᠷᠣᠨ ᠳᠤ ᠪᠠᠰᠠ ᠬᠦᠨᠳᠦᠲᠦ ᠵᠣᠴᠢᠨ ᠬᠦᠷᠴᠦ ᠢᠷᠡᠪᠡ᠃ 2 ᠰᠠᠷ᠎ᠠ ᠶᠢᠨ 18  ᠤ ᠡᠳᠦᠷ᠂ ᠳᠤᠮᠳᠠᠳᠤ ᠤᠯᠤᠰ ᠤᠨ ᠳ᠋ᠦᠩ ᠹᠠᠩ ᠴᠠᠭᠢᠯᠭᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠢᠦᠢ ᠫᠧᠢ ᠭᠧᠨ ᠪᠦᠯᠭᠦᠮ ᠳᠠᠭᠠᠭᠤᠯᠤᠨ ᠮᠠᠨ ᠤ ᠣᠷᠣᠨ ᠳᠤ ᠢᠷᠡᠵᠦ ᠬᠠᠮᠲᠤᠷᠠᠯᠴᠠᠭ᠎ᠠ ᠶᠢᠨ ᠲᠤᠬᠠᠢ ᠵᠥᠪᠳᠡᠨ ᠶᠠᠷᠢᠯᠴᠠᠵᠤ᠂ ᠰᠦᠨ ᠱᠤᠤ ᠴᠧᠩ᠂ ᠸᠠᠩ ᠯᠢ ᠰᠢᠶᠠ ᠭᠦᠭᠡᠬᠤᠲᠠ ᠳᠤ ᠢᠦᠢ ᠫᠧᠢ ᠭᠧᠨ ᠨᠠᠷ ᠲᠠᠢ ᠠᠭᠤᠯᠵᠠᠪᠠ᠃
1.jpg
      ᠳ᠋ᠦᠩ ᠹᠠᠩ ᠴᠠᠭᠢᠯᠭᠠᠨ ᠤ ᠪᠦᠯᠦᠭᠯᠡᠯ ᠪᠣᠯ ᠲᠥᠪ ᠠᠴᠠ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠴᠢᠬᠤᠯᠠ ᠭᠤᠣᠯᠯᠠᠬᠤ ᠠᠵᠤ ᠠᠬᠤᠶᠢᠯᠠᠯ ᠪᠠᠶᠢᠵᠤ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠡᠨᠧᠷᠭᠢ ᠶᠢᠨ ᠲᠣᠨᠣᠭᠯᠠᠯ ᠰᠤᠳᠤᠯᠤᠨ ᠦᠢᠯᠡᠳᠭᠦ ᠠᠵᠤ ᠠᠬᠤᠶᠢᠯᠠᠯ ᠤᠨ ᠪᠦᠯᠦᠭᠯᠡᠯ ᠤᠨ ᠨᠢᠭᠡ ᠪᠣᠯᠣᠨ᠎ᠠ᠃ 2022 ᠣᠨ ᠤ ᠡᠴᠦᠰ ᠪᠤᠯᠲᠠᠯ᠎ᠠ᠂ ᠳ᠋ᠦᠩ ᠹᠠᠩ ᠴᠠᠭᠢᠯᠭᠠᠨ ᠤ ᠪᠦᠯᠦᠭᠯᠡᠯ ᠥᠪᠥᠷ ᠮᠣᠩᠭᠤᠯ ᠳᠤ ᠨᠡᠶᠢᠲᠡ  ᠭᠠᠯ ᠴᠠᠭᠢᠯᠭᠠᠨ ᠤ ᠮᠠᠰᠢᠨ ᠴᠣᠭᠴᠠᠯᠠᠪᠤᠷᠢ 98 ᠰᠠᠭᠤᠷᠢ᠂ ᠨᠡᠶᠢᠲᠡ 4195 ᠲᠦᠮᠡᠨ ᠺᠢᠯᠣᠸᠠᠲ ᠬᠠᠩᠭᠠᠵᠤ᠂  ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ 3387  ᠰᠠᠭᠤᠷᠢ᠂ ᠨᠡᠶᠢᠲᠡ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 790 ᠲᠦᠮᠡᠨ ᠺᠢᠯᠣᠸᠠᠲ ᠲᠤ ᠬᠦᠷᠴᠡᠢ᠃ ᠡᠭᠦᠨ ᠤ ᠬᠠᠮᠲᠤ᠂ ᠮᠠᠨ ᠤ ᠣᠷᠣᠨ ᠳᠤ ᠳ᠋ᠦᠩ ᠹᠠᠩ ᠴᠠᠭᠢᠯᠭᠠᠨ ᠤ ᠪᠦᠯᠦᠭᠯᠡᠯ ᠤᠨ ᠤᠮᠠᠷᠠᠲᠤ ᠶᠢᠨ ᠰᠢᠨ᠎ᠡ ᠡᠨᠧᠷᠭᠢ ᠶᠢᠨ ᠲᠣᠨᠣᠭᠯᠠᠯ ᠤᠨ ᠦᠢᠯᠡᠳᠪᠦᠷᠢᠯᠡᠯ ᠤᠨ ᠰᠠᠭᠤᠷᠢᠨ ᠢ ᠢᠳᠡᠪᠬᠢᠲᠡᠢ ᠪᠠᠶᠢᠷᠢᠯᠠᠭᠤᠯᠤᠨ ᠪᠦᠲᠦᠭᠡᠨ ᠪᠠᠶᠢᠭᠤᠯᠵᠤ᠂ ᠵᠢᠱᠢᠯᠲᠡ ᠪᠠᠷ ︽ᠠᠷᠪᠠᠨ ᠳᠥᠷᠪᠡᠳᠦᠭᠡᠷ ᠲᠠᠪᠤᠨ ᠵᠢᠯ︾  ᠤᠨ ᠰᠡᠭᠦᠯᠴᠢ ᠶᠢᠨ ᠬᠤᠭᠤᠴᠠᠭ᠎ᠠ ᠪᠤᠯᠬᠤ ᠳᠤ ᠦᠢᠯᠡᠳᠬᠦᠨ ᠤ ᠥᠷᠲᠡᠭ ᠨᠢ 300 ᠳ᠋ᠦᠩᠰᠢᠭᠤᠷ ᠲᠥᠭᠦᠷᠢᠭ ᠢ ᠳᠠᠪᠠᠭ᠋ᠤ  ᠪᠣᠯᠣᠨ᠎ᠠ᠃ 2 ᠰᠠᠷ᠎ᠠ ᠶᠢᠨ 17 ᠤ ᠡᠳᠦᠷ᠂ ᠳ᠋ᠦᠩ ᠹᠠᠩ ᠴᠠᠭᠢᠯᠭᠠᠨ ᠤ ᠪᠦᠯᠦᠭᠯᠡᠯ ᠮᠧᠩ ᠨᠧᠩ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃
2.jpg
      ᠠᠭᠤᠯᠵᠠᠯᠲᠠ ᠶᠢᠨ ᠳᠤᠮᠳᠠ᠂ ᠰᠦᠨ ᠱᠤᠤ ᠴᠧᠩ ᠢᠦᠢ ᠫᠧᠢ ᠭᠧᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠠᠮᠤᠭ ᠤᠨ ᠴᠢᠬᠤᠯᠠ ᠨᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠳᠠᠯ ᠪᠣᠯᠣᠨ᠎ᠠ᠂ ᠨᠢᠭᠡ ᠳᠤ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠂ ᠬᠤᠶᠠᠷ ᠲᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ︽ᠲᠠᠪᠤᠨ ᠶᠡᠭᠡ ᠡᠭᠦᠷᠭᠡ︾  ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠢᠳᠡ ᠪᠣᠳᠠᠲᠠᠢ ᠬᠡᠷᠡᠭᠵᠢᠭᠦᠯᠬᠦ ᠲᠥᠰᠥᠯ ᠢ ᠰᠢᠰᠲ᠋ᠧᠮ ᠲᠠᠢ ᠲᠣᠭᠲᠠᠭᠠᠪᠠ᠂ ᠡᠭᠦᠨ ᠳᠤ ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠨᠢ ᠳ᠋ᠦᠩ ᠹᠠᠩ ᠴᠠᠭᠢᠯᠭᠠᠨ ᠤ ᠪᠦᠯᠦᠭᠯᠡᠯ ᠯᠦᠭᠡ ᠶᠢᠨ ᠬᠠᠷᠢᠯᠴᠠᠭ᠎ᠠ ᠬᠠᠮᠤᠭ ᠤᠨ ᠨᠢᠭᠲᠠ ᠪᠠᠶᠢᠳᠠᠭ᠃ ᠥᠪᠥᠷ ᠮᠣᠩᠭᠤᠯ ᠤᠨ ᠭᠠᠵᠠᠷ ᠨᠤᠲᠤᠭ ᠥᠷᠭᠡᠨ ᠠᠭᠤᠳᠠᠮ᠂ ᠴᠠᠭᠢᠯᠭᠠᠨ ᠣᠯᠠᠨ᠂ ᠲᠣᠨᠣᠭᠯᠠᠯ ᠦᠶᠯᠡᠳᠭᠦ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠣᠯᠣᠨ ᠳᠠᠯᠳᠠ ᠬᠦᠴᠦᠨ ᠯᠤᠲᠤ ᠶᠡᠭᠡ ᠶᠤᠮ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠦᠷᠢᠶ᠎ᠡ ᠬᠡᠪᠴᠢᠶ᠎ᠡ ᠮᠠᠰᠢ ᠥᠷᠭᠡᠨ ᠪᠠᠶᠢᠨ᠎ᠠ᠃ ᠳ᠋ᠦᠩ ᠹᠠᠩ ᠴᠠᠭᠢᠯᠭᠠᠨ ᠤ ᠪᠦᠯᠦᠭᠯᠡᠯ ᠤᠨ ᠬᠢᠨ ᠥᠪᠥᠷ ᠮᠣᠩᠭᠤᠯ ᠤᠨ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠬᠡᠵᠦ᠂ ᠲᠠᠰᠤᠷᠠᠯᠲᠠ ᠦᠭᠡᠢ ᠨᠡᠭᠡᠭᠡᠨ ᠬᠥᠭᠵᠢᠭᠦᠯᠵᠦ᠂ ᠮᠠᠨ ᠤ ᠠᠳᠡ ᠰᠢᠨ᠎ᠡ ᠡᠨᠧᠷᠭᠢ ᠶᠢᠨ ᠲᠣᠨᠣᠭᠯᠠᠯ ᠦᠢᠯᠡᠳᠭᠦ ᠲᠦᠷᠦᠯ ᠵᠦᠢᠯ ᠢ ᠢᠯᠡᠭᠦᠬᠡᠨ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠮᠡᠷᠭᠡᠵᠢᠯ ᠤᠨ ᠰᠤᠳᠤᠯᠤᠨ ᠨᠡᠭᠡᠭᠡᠯᠲᠡ᠂ ᠪᠡᠯᠡ ᠣᠷᠣᠭᠤᠯᠵᠤ ᠦᠢᠯᠡᠳᠪᠦᠷᠢ ᠡᠷᠭᠢᠯᠡᠭᠦ ᠴᠸ ᠲᠡᠷᠡ᠂ ᠡᠰᠡᠬᠦᠯ᠎ᠡ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠭᠡᠰᠡᠨ ᠦᠭᠡᠢ᠂ ᠬᠤᠶᠠᠷ ᠲᠠᠯ᠎ᠠ ᠳᠤ ᠠᠰᠢᠭᠲᠠᠢ ᠯᠠ ᠶᠤᠮ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠥᠮ ᠪᠦᠭᠦ ᠬᠦᠴᠦᠨ ᠢᠶᠠᠷ ᠢᠶᠠᠨ ᠳᠡᠮᠵᠢᠨ᠎ᠡ ᠭᠡᠵᠡᠢ᠃      ᠢᠦᠢ ᠫᠧᠢ ᠭᠧᠨ᠂ ᠥᠪᠥᠷ ᠮᠣᠩᠭᠤᠯ ᠪᠣᠯ ᠮᠠᠨ ᠤ ᠤᠯᠤᠰ ᠤᠨ ᠡᠨᠧᠷᠭᠢ ᠶᠢᠨ ᠬᠥᠭᠵᠢᠯᠲᠡ ᠶᠢᠨ ᠠᠯᠤᠰ ᠢᠷᠡᠭᠡᠳᠦᠢ ᠪᠠᠷ ᠬᠠᠮᠤᠭ ᠤᠨ ᠰᠠᠶᠢᠨ ᠣᠷᠣᠨ ᠪᠦᠰᠡ ᠪᠣᠯᠣᠨ᠎ᠠ᠂ ᠪᠢᠳᠡ ᠥᠪᠥᠷ ᠮᠣᠩᠭᠤᠯ ᠤᠨ ᠬᠥᠭᠵᠢᠯᠲᠡ ᠳᠤ ᠮᠠᠰᠢ ᠢᠲᠡᠭᠡᠯ ᠲᠠᠢ ᠪᠠᠶᠢᠨ᠎ᠠ᠂ ᠬᠠᠮᠤᠭ ᠤᠨ ᠰᠠᠶᠢᠨ ᠮᠡᠷᠭᠡᠵᠢᠯ᠂ ᠬᠠᠮᠤᠭ ᠤᠨ ᠰᠠᠶᠢᠨ ᠶᠠᠰᠤ ᠴᠢᠨᠠᠷ᠂ ᠬᠠᠮᠤᠭ ᠤᠨ ᠰᠠᠶᠢᠨ ᠦᠢᠯᠡᠴᠢᠯᠡᠭᠡ᠂ ᠬᠠᠮᠤᠭ ᠤᠨ ᠰᠠᠶᠢᠨ ᠦᠨ᠎ᠡ ᠬᠠᠩᠰᠢ ᠪᠠᠷ ᠮᠧᠩ ᠨᠧᠩ ᠪᠦᠯᠦᠭᠯᠡᠯ ᠵᠡᠷᠭᠡ ᠥᠪᠥᠷ ᠮᠣᠩᠭᠤᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠥᠪᠥᠷ ᠮᠣᠩᠭᠤᠯ ᠳᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠭᠦ ᠲᠦᠷᠦᠯ ᠵᠦᠢᠯ ᠢ ᠢᠳᠡᠪᠬᠢᠲᠡᠢ ᠪᠠᠶᠢᠷᠢᠰᠢᠭᠤᠯᠵᠤ᠂ ᠡᠨᠡ ᠬᠦ ᠬᠦᠷᠢᠶᠡᠨ ᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠡᠵᠡᠨ︾ ᠪᠤᠯᠬᠤ ᠪᠠᠷ ᠴᠢᠷᠮᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠨᠡᠩ ᠰᠠᠶᠢᠲᠤᠷ ᠬᠦᠴᠦᠨ ᠨᠡᠮᠡᠷᠢᠯᠡᠨ᠎ᠡ ᠭᠡᠵᠦ ᠬᠡᠯᠡᠪᠡ᠃      ᠬᠤᠸᠠᠩ ᡁᠢ ᠴᠢᠶᠠᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ