ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠵᠢᠯ ᠢ ᠡᠷᠬᠢᠯᠡᠨ ᠰᠤᠳᠤᠯᠪᠠ
ᠨᠡᠶᠢᠲᠡᠯᠡᠭᠰᠡᠨ ᠴᠠᠭ᠄
2023/2/21
      2 ᠰᠠᠷ᠎ᠠ ᠶᠢᠨ 20 ᠤ ᠡᠳᠦᠷ᠂ ᠸᠠᠩ ᠯᠢ ᠰᠢᠶᠠ ᠨᠢᠭᠡ ᠡᠳᠦᠷ ᠤᠨ ᠴᠠᠭ ᠢ ᠠᠰᠢᠭᠯᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠨᠠᠷ ᠤᠨ ᠠᠩᠬᠠᠳᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠸᠠᠩ ᠹᠧᠩ᠂ ᠵᠤᠤ ᠡᠦ ᠵᠤᠸᠠᠩ᠂ ᠵᠠᠩ ᠾᠧ ᠴᠧᠩ᠂ ᠴᠧᠨ ᠵᠢᠶᠠᠨ ᠭᠤᠸᠠᠩ ᠵᠡᠷᠭᠡ ᠤᠯᠤᠰ ᠤᠨ ᠳᠣᠲᠣᠭᠠᠳᠤ ᠶᠢᠨ 4 ᠨᠡᠷᠡᠲᠦ ᠲᠤᠰᠬᠠᠢ ᠮᠡᠷᠭᠡᠵᠢᠯᠲᠡᠨ ᠢ ᠤᠷᠢᠵᠤ᠂ ᠣᠯᠠᠨ ᠲᠠᠢ ᠬᠠᠮᠲᠤ ᠪᠠᠷ ᠠᠰᠠᠭᠤᠳᠠᠯ ᠢ ᠪᠣᠳᠣᠯᠬᠢᠯᠠᠵᠤ᠂ ᠰᠡᠳᠬᠢᠮᠵᠢ ᠪᠠᠨ ᠰᠢᠯᠤᠭᠤᠳᠬᠠᠵᠤ᠂ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠨᠢᠭᠡᠳ ᠨᠢᠭᠡ ᠪᠠᠷ ᠵᠠᠳᠠᠯᠤᠨ ᠰᠤᠳᠤᠯᠪᠠ᠃      ᠬᠤᠷᠠᠯ ᠳᠡᠭᠡᠷ᠎ᠡ᠂ ᠡᠯ᠎ᠡ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠨᠠᠷ ᠡᠮᠦᠨᠡᠬᠢ ᠬᠤᠭᠤᠴᠠᠭᠠᠨ ᠤ ᠭᠦᠨᠵᠡᠭᠡᠢ ᠰᠤᠳᠤᠯᠤᠯᠲᠠ ᠶᠢᠨ ᠰᠠᠭᠤᠷᠢᠨ ᠳᠡᠭᠡᠷ᠎ᠡ᠂ ᠵᠢᠷᠤᠭ ᠬᠦᠰᠦᠨᠦᠭᠲᠦ᠂ ᠲᠤᠭ᠎ᠠ ᠪᠠᠷᠢᠮᠲᠠ ᠪᠠᠷ ᠳᠠᠮᠵᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠬᠡᠷᠬᠢᠨ ᠲᠣᠬᠢᠷᠠᠭᠤᠯᠤᠨ ᠰᠢᠯᠢᠳᠡᠭᠵᠢᠭᠦᠯᠬᠦ᠂ ᠬᠠᠮᠢᠭ᠎ᠠ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ ᠬᠦᠴᠦᠷᠬᠡᠭᠵᠢᠭᠦᠯᠬᠦ ᠴᠢᠬᠤᠯᠠᠲᠠᠢ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠡᠷᠬᠢᠨ ᠠᠬᠢᠭᠤᠯᠬᠤ ᠵᠡᠷᠭᠡ ᠶᠢᠨ ᠲᠤᠬᠠᠢ ᠬᠠᠷᠢᠭᠤ ᠮᠡᠳᠡᠭᠦᠯᠬᠦ ᠶᠢᠨ ᠬᠠᠮᠲᠤ ᠡᠯ᠎ᠡ ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠵᠢᠷᠤᠭ᠂ ᠠᠷᠠᠯᠵᠢᠶᠠᠴᠢᠨ ᠤᠷᠢᠬᠤ ᠠᠯᠤᠰ ᠤᠨ ᠦᠵᠡᠮᠵᠢ ᠶᠢᠨ ᠵᠢᠷᠤᠭ᠂ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ᠂ ᠬᠤᠯᠪᠣᠭᠳᠠᠬᠤ ᠬᠡᠷᠡᠭᠯᠡᠭᠴᠢ ᠶᠢᠨ ᠬᠥᠮᠥᠷᠭᠡ ᠪᠣᠯᠣᠨ ᠳᠠᠭᠠᠭᠤᠯᠤᠭᠴᠢ ᠠᠵᠤ ᠠᠬᠤᠶᠢᠯᠠᠯ ᠤᠨ ᠬᠦᠰᠦᠨᠦᠭᠲᠦ᠂ ᠢᠵᠢ ᠪᠦᠷᠢᠳᠦᠭᠦᠯᠬᠦ ᠠᠵᠤ ᠠᠬᠤᠶᠢᠯᠠᠯ ᠤᠨ ᠬᠦᠰᠦᠨᠦᠭᠲᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠠᠮᠲᠤ ᠪᠠᠷ ᠶᠠᠷᠢᠯᠴᠠᠬᠤ ᠶᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠴᠠᠢ᠃ ᠸᠠᠩ ᠯᠢ ᠰᠢᠶᠠ ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠵᠤᠷᠪᠤᠰ ᠳᠠᠷᠠᠭᠠᠯᠠᠨ ᠱᠠᠭᠠᠷᠳᠠᠯᠭ᠎ᠠ ᠳᠤᠷᠠᠳᠪᠠ᠃

1.jpg

2.jpg

3.jpg

4.jpg

 

      ᠸᠠᠩ ᠯᠢ ᠰᠢᠶᠠ᠂ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠳᠬᠤᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠠᠵᠤ ᠠᠬᠤᠢ ᠶᠢᠨ

ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠷᠬᠡᠪᠰᠢ ᠠᠵᠤ

ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠱᠠᠯᠠᠪᠳᠠᠨ ᠠᠳᠬᠤᠵᠤ᠂ ᠴᠢᠩᠭ᠎ᠠ ᠠᠳᠬᠤᠵᠤ᠂ ᠪᠣᠳᠠᠲᠠᠢ ᠬᠢᠵᠦ᠂

ᠪᠣᠳᠠᠲᠠᠶᠢᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠶᠡᠭᠡ ᠪᠠᠷ ᠠᠵᠢᠯᠯᠠᠨ ᠲᠦᠷᠭᠡᠨ ᠳᠡᠭᠡᠭᠰᠢᠯᠡᠵᠦ᠂ ᠶᠠᠭᠤ ᠳᠤᠲᠠᠪᠠᠯ ᠶᠠᠭᠤ ᠶᠢ

ᠨᠥᠬᠦᠪᠦᠷᠢᠯᠡᠬᠦ ᠶᠢ ᠪᠠᠷᠢᠮᠲᠠᠯᠠᠵᠤ᠂ ᠬᠡᠯᠬᠢᠶᠡᠨ ᠤ ᠭᠤᠣᠯ ᠪᠣᠯᠬᠤ ᠠᠵᠤ ᠠᠬᠤᠶᠢᠯᠠᠯ ᠤᠨ ᠠᠷᠠᠯᠵᠢᠶᠠᠴᠢᠨ ᠤᠷᠢᠬᠤ ᠶᠢ ᠣᠨᠣᠴᠠᠲᠠᠢ ᠠᠳᠬᠤᠬᠤ ᠶᠢ ᠡᠵᠡᠮᠳᠡᠨ᠂ ᠵᠠᠬ᠎ᠠ

ᠳᠡᠯᠭᠡᠭᠦᠷ ᠪᠦᠲᠦᠮᠵᠢᠲᠡᠢ ᠪᠠᠶᠢᠬᠤ᠂ ᠵᠠᠰᠠᠭ ᠤᠨ ᠣᠷᠳᠣᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠦᠷᠭᠦᠯᠵᠢᠯᠡᠨ ᠲᠥᠷᠥ ᠶᠢᠨ ᠪᠣᠳᠣᠯᠭ᠎ᠠ ᠭᠠᠷᠭᠠᠵᠤ᠂ ᠰᠢᠨ᠎ᠡ ᠶᠢ

ᠡᠭᠦᠳᠬᠦ ᠲᠤᠯᠭᠠᠭᠤᠷᠢᠯᠠᠯ᠂ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠣᠨ ᠲᠥᠷᠥᠯ ᠲᠡᠮᠳᠡᠭ ᠤᠨ ᠵᠢᠯᠣᠭᠤᠳᠤᠮᠵᠢ ᠶᠢ ᠴᠢᠩᠭᠠᠳᠬᠠᠵᠤ᠂ 16 ᠭᠤᠣᠯᠳᠠᠯᠭ᠎ᠠ ᠲᠠᠢ ᠠᠵᠤ

ᠦᠢᠯᠡᠰ ᠤᠨ ᠬᠡᠯᠬᠢᠶ᠎ᠡ ᠶᠢ ᠴᠥᠮ ᠰᠠᠶᠢᠲᠤᠷ ᠬᠢᠬᠦ ᠬᠡᠷᠡᠭᠲᠡᠢ᠃ ᠡᠯ᠎ᠡ ᠬᠡᠯᠬᠢᠶ᠎ᠡ ᠶᠢᠨ ᠳᠠᠷᠤᠭ᠎ᠠ ᠨᠠᠷ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ

ᠬᠦᠴᠦᠷᠬᠡᠭᠵᠢᠭᠦᠯᠬᠦ ᠠᠵᠢᠯ ᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠶᠢᠨ ᠬᠤᠭᠤᠷᠣᠨᠳᠤᠬᠢ ᠪᠣᠯᠣᠨ ᠡᠬᠢᠨ ᠤ ᠪᠠ ᠡᠴᠦᠰ ᠤᠨ ᠬᠡᠯᠬᠢᠶ᠎ᠡ ᠶᠢᠨ

ᠬᠤᠭᠤᠷᠣᠨᠳᠤᠬᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠬᠠᠮᠵᠢᠯᠴᠠᠨ ᠠᠬᠢᠭᠤᠯᠵᠤ᠂ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠷᠭᠡᠨ

ᠠᠬᠢᠭᠤᠯᠵᠤ᠂ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ︽ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ︾ ᠶᠢ

ᠪᠣᠳᠠᠲᠠᠢ ᠳᠤ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠠᠵᠤ ᠦᠢᠯᠡᠰ ᠢ ᠥᠷᠨᠢᠩᠭᠦᠢ ᠬᠥᠭᠵᠢᠭᠦᠯᠬᠦ ᠬᠡᠷᠡᠭᠲᠡᠢ ᠭᠡᠵᠦ ᠬᠡᠯᠡᠪᠡ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠴᠢ᠊ ᠪᠠᠲᠤ᠂ ᠪᠣᠣ ᠰᠢᠶᠠᠨ ᠬᠤᠸᠠ᠂ ᠵᠧᠩ ᠭᠤᠸᠠᠩ ᠵᠤᠤ᠂ ᠳᠠᠶᠢᠴᠢᠨ᠂ ᠪᠠᠢ

ᠴᠢᠩ ᠶᠤᠸᠠᠨ ᠠᠵᠤ ᠦᠢᠯᠡᠰ ᠤᠨ ᠬᠡᠯᠬᠢᠶ᠎ᠡ ᠶᠢᠨ ᠪᠠᠶᠢᠳᠠᠯ ᠢ ᠬᠠᠷᠢᠭᠤ ᠮᠡᠳᠡᠭᠦᠯᠬᠦ ᠶᠢᠨ ᠬᠠᠮᠲᠤ ᠶᠠᠷᠢᠯᠴᠠᠨ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ