ᠠᠯᠠᠱᠠ ᠠᠶᠢᠮᠠᠭ ᠣᠶ ᠰᠢᠭᠤᠢ ᠨᠤᠲᠤᠭ ᠪᠡᠯᠴᠢᠭᠡᠷ ᠤᠨ ᠠᠭᠠᠷ ᠤᠨ ᠲᠣᠭᠤᠷᠢᠨ ᠬᠠᠮᠠᠭᠠᠯᠠᠯᠲᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/2/21
      2 ᠳ᠋ᠤᠭᠠᠷ ᠰᠠᠷ᠎ᠠ ᠶᠢᠨ 18 ᠤ ᠡᠳᠦᠷ ᠤᠨ 13 ᠴᠠᠭ ᠤᠨ ᠦᠶ᠎ᠡ ᠪᠠᠷ᠂ ︽ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ︾ ᠭᠡᠰᠡᠨ ᠥᠰᠥᠭ ᠲᠠᠢ AS᠎᠎—332 ᠬᠡᠯᠪᠡᠷᠢ ᠶᠢᠨ ᠲᠤᠰᠬᠠᠢ ᠬᠡᠷᠡᠭᠯᠡᠭᠡᠨ ᠤ ᠡᠭᠴᠡ ᠨᠢᠰᠬᠦ ᠨᠢᠰᠬᠡᠯ ᠠᠯᠠᠱᠠ ᠵᠡᠭᠦᠨ ᠬᠤᠰᠢᠭᠤᠨ ᠤ ᠵᠢᠵᠢᠭᠦᠷᠯᠡᠬᠦ ᠠᠵᠢᠯ ᠤᠨ ᠨᠢᠰᠬᠡᠯ ᠤᠨ ᠪᠠᠭᠤᠳᠠᠯ ᠠᠴᠠ ᠨᠢᠰᠴᠦ ᠠᠯᠠᠱᠠ ᠠᠭᠤᠯᠠᠨ ᠤ ᠤᠯᠤᠰ ᠤᠨ ᠲᠠᠰ ᠤᠨ ᠪᠠᠶᠢᠭᠠᠯᠢ ᠶᠢᠨ ᠲᠠᠷᠬᠠᠨ ᠣᠷᠣᠨ ᠵᠦᠭ ᠴᠢᠭᠯᠡᠭᠰᠡᠨ  ᠨᠢ ᠲᠣᠰ ᠠᠶᠢᠮᠠᠭ ᠤᠨ 2023 ᠣᠨ ᠤ ᠣᠶ ᠰᠢᠭᠤᠢ ᠨᠤᠲᠤᠭ ᠪᠡᠯᠴᠢᠭᠡᠷ ᠤᠨ ᠠᠭᠠᠷ ᠤᠨ ᠲᠣᠭᠤᠷᠢᠨ ᠬᠠᠮᠠᠭᠠᠯᠠᠬᠤ ᠲᠥᠯᠥᠪᠯᠡᠭᠡ ᠬᠥᠰᠢᠭᠡ ᠪᠠᠨ ᠨᠡᠭᠡᠭᠡᠭᠰᠡᠨ ᠢ ᠬᠠᠷᠠᠭᠤᠯᠵᠤ ᠪᠠᠶᠢᠨ᠎ᠠ ᠃       ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ ᠠᠯᠠᠱᠠ ᠠᠶᠢᠮᠠᠭ ᠤᠨ ᠪᠥᠬᠦ ᠠᠶᠢᠮᠠᠭ ᠤᠨ ᠠᠭᠠᠷ ᠤᠨ ᠳᠤᠯᠠᠭᠠᠨ ᠶᠡᠭᠡ ᠪᠠᠷ ᠳᠡᠭᠡᠭᠰᠢᠯᠡᠵᠦ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠪᠠᠨ ᠣᠷᠣᠵᠤ ᠡᠬᠢᠯᠡᠪᠡ ᠃ ᠣᠨᠴᠠᠭᠠᠶ ᠴᠠᠭ ᠠᠭᠤᠷ ᠤᠨ ᠣᠷᠴᠢᠨ ᠨᠥᠬᠦᠴᠡᠯ ᠠᠴᠠ ᠪᠣᠯᠤᠭᠰᠠᠨ ᠭᠠᠯ ᠲᠦᠢᠮᠡᠷ ᠤᠨ ᠠᠶᠤᠯ ᠲᠦᠭᠰᠢᠭᠦᠷᠢ ᠶᠢ ᠦᠨᠡᠨ ᠬᠦ ᠪᠦᠲᠦᠮᠵᠢᠲᠡᠶ ᠠᠷᠭᠠᠴᠠᠭᠠᠬᠤ ᠶᠢᠨ ᠲᠤᠰᠠᠳᠠ ᠂ ᠠᠯᠠᠱᠠ ᠠᠶᠢᠮᠠᠭ ᠤᠨ ᠠᠭᠠᠷ ᠤᠨ ᠣᠶ ᠰᠢᠭᠤᠢ ᠶᠢᠨ ᠬᠠᠮᠠᠭᠠᠯᠠᠯᠲᠠ ᠶᠢᠨ ᠥᠷᠲᠡᠭᠡ ᠡᠷᠲᠡ ᠠᠴᠠ ᠲᠥᠯᠥᠪᠯᠡᠬᠦ ᠂ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠯᠲᠠ ᠶᠢ ᠴᠢᠬᠤᠯᠠᠴᠢᠯᠠᠬᠤ ᠶᠢ ᠠᠳᠬᠤᠵᠤ ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠠᠭᠠᠷ ᠤᠨ ᠴᠡᠷᠢᠭ ᠤᠨ ᠠᠭᠠᠷ ᠤᠨ ᠬᠠᠮᠢᠶᠠᠷᠤᠯᠲᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠠᠢ ᠤᠷᠢᠳᠴᠢᠯᠠᠨ ᠬᠠᠷᠢᠯᠴᠠᠵᠤ᠂ ᠠᠯᠠᠱᠠ ᠶᠢᠨ ᠨᠢᠰᠬᠡᠯ ᠤᠨ ᠪᠠᠭᠤᠳᠠᠯ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠲᠣᠰᠣᠨ ᠤ ᠠᠯᠠᠱᠠ  ᠳᠠᠬᠢ ᠬᠤᠪᠢᠶᠠᠷᠢ ᠺᠣᠮᠫᠠᠨᠢ ᠪᠣᠯᠣᠨ ᠬᠠᠢ ᡁᠢ ᠨᠡᠶᠢᠲᠠ ᠶᠢᠨ ᠬᠡᠷᠡᠭᠯᠡᠭᠡᠨ ᠤ ᠠᠭᠠᠷ ᠤᠨ ᠠᠶᠠᠯᠠᠯ ᠤᠨ ᠺᠣᠮᠫᠠᠨᠢ ᠵᠡᠷᠭᠡ ᠨᠢᠭᠡᠴᠢ ᠲᠠᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠣᠨ ᠤ ᠠᠶᠠᠯᠠᠯ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠭᠰᠡᠨ ᠤ ᠬᠠᠮᠲᠤ 2 ᠳ᠋ᠤᠭᠠᠷ ᠰᠠᠷ᠎ᠠ ᠶᠢᠨ 18 ᠤ ᠡᠳᠦᠷ ᠪᠥᠬᠦ ᠵᠢᠯ ᠤᠨ ᠠᠩᠬᠠᠳᠠᠭᠴᠢ ᠣᠶ ᠰᠢᠭᠤᠢ ᠨᠤᠲᠤᠭ ᠪᠡᠯᠴᠢᠭᠡᠷ ᠤᠨ ᠠᠭᠠᠷ ᠤᠨ ᠲᠣᠭᠤᠷᠢᠨ ᠬᠠᠮᠠᠭᠠᠯᠠᠬᠤ ᠠᠵᠢᠯ ᠢ ᠶᠠᠪᠤᠭᠳᠠᠭᠤᠯᠪᠠ ᠃      ᠣᠶᠢᠯᠠᠭᠠᠭᠰᠠᠨ ᠢᠶᠠᠷ᠂ ᠠᠯᠠᠱᠠ ᠠᠶᠢᠮᠠᠭ ᠤᠨ ᠠᠭᠠᠷ ᠤᠨ ᠣᠶ ᠰᠢᠭᠤᠢ ᠶᠢᠨ ᠬᠠᠮᠠᠭᠠᠯᠠᠯᠲᠠ ᠶᠢᠨ ᠥᠷᠲᠡᠭᠡ ᠨᠢ ᠠᠭᠠᠷ ᠤᠨ ᠴᠡᠷᠢᠭ ᠵᠢᠴᠢ ᠠᠷᠠᠳ ᠤᠨ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠵᠣᠬᠢᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠤᠷᠢᠨ ᠬᠠᠮᠠᠭᠠᠯᠠᠬᠤ ᠠᠭᠠᠷ ᠤᠨ ᠣᠷᠣᠨ᠂ ᠲᠣᠭᠤᠷᠢᠨ ᠬᠠᠮᠠᠭᠠᠯᠠᠬᠤ ᠠᠭᠠᠷ ᠤᠨ ᠵᠠᠮ ᠱᠤᠭᠤᠮ ᠢ ᠲᠣᠬᠢᠷᠠᠭᠤᠯᠬᠤ ᠪᠠ ᠭᠤᠶᠤᠴᠢᠯᠠᠬᠤ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠬᠦ ᠪᠣᠯᠣᠨ᠎ᠠ᠃ᠡᠭᠦᠨ ᠤ ᠬᠠᠮᠲᠤ᠂ ᠪᠥᠬᠦ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠨ᠂ ᠠᠭᠠᠷ ᠤᠨ ᠳᠡᠭᠦᠵᠢᠩ ᠰᠠᠭᠤᠯᠠᠭ᠎ᠠ ᠪᠠᠷ ᠭᠠᠯ ᠤᠨᠲᠠᠷᠠᠭᠠᠬᠤ᠂ ᠬᠥᠮᠥᠨ ᠪᠠ ᠡᠳ᠋ ᠪᠣᠳᠠᠰ ᠲᠡᠭᠡᠭᠡᠪᠦᠷᠢᠯᠡᠨ ᠬᠦᠷᠭᠡᠬᠦ᠂ ᠨᠢᠰᠬᠡᠯ ᠰᠢᠯᠵᠢᠭᠦᠯᠦᠨ ᠲᠠᠯᠠᠪᠤᠷ ᠰᠣᠯᠢᠬᠤ ᠰᠤᠷᠭᠠᠭᠤᠯᠢᠯᠠᠯ ᠪᠠ ᠠᠭᠠᠷ ᠤᠨ ᠤᠬᠠᠭᠤᠯᠭ᠎ᠠ ᠬᠢᠬᠦ ᠵᠡᠷᠭᠡ ᠠᠵᠢᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ ᠥᠷᠨᠢᠭᠦᠯᠵᠦ᠂ 2023 ᠣᠨ ᠤ ᠣᠶ ᠰᠢᠭᠤᠢ ᠨᠤᠲᠤᠭ ᠪᠡᠯᠴᠢᠭᠡᠷ ᠤᠨ ᠠᠭᠠᠷ ᠤᠨ ᠲᠣᠭᠤᠷᠢᠨ ᠬᠠᠮᠠᠭᠠᠯᠠᠬᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠠᠷ ᠪᠣᠢ ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ