ᠨᠢᠭᠡ ᠂ ︽ ᠬᠡᠷᠡᠭᠵᠢᠭᠦᠯᠬᠦ ᠰᠠᠨᠠᠯ ︾ ᠢ ᠲᠣᠭᠲᠠᠭᠠᠭᠰᠠᠨ ᠠᠬᠤᠢ ᠪᠠᠶᠢᠳᠠᠯ
︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠣᠷᠣᠨ ᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠪᠠᠶᠢᠭᠤᠯᠤᠯ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 14 ᠳ᠋ᠦ᠋ᠭᠡᠷ ᠲᠣᠭᠠᠲᠤ ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃
ᠬᠤᠶᠠᠷ ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ
︽ᠬᠡᠷᠡᠭᠵᠢᠭᠦᠯᠬᠦ ᠰᠠᠨᠠᠯ︾ ᠢ ᠨᠡᠶᠢᠲᠡ 4 ᠬᠡᠰᠡᠭ 24 ᠵᠦᠢᠯ ᠬᠤᠪᠢᠶᠠᠪᠠ᠃
︵ᠨᠢᠭᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠭᠤᠣᠯᠳᠠᠯᠭ᠎ᠠ ᠲᠠᠢ ᠬᠦᠷᠢᠶ᠎ᠡ ᠶᠢ ᠲᠣᠳᠣᠷᠬᠠᠶᠢᠯᠠᠪᠠ ᠃ ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶ ᠢ ᠦᠨᠳᠦᠰᠦᠯᠡᠨ ᠲᠣᠭᠲᠠᠭᠠᠭᠰᠠᠨ ᠭᠤᠣᠯᠳᠠᠯᠭ᠎ᠠ ᠲᠠᠢ ᠬᠦᠷᠢᠶ᠎ᠡ ᠂ ︽ᠪᠥᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ᠪᠠᠷ ᠥᠪᠡᠷᠲᠡᠭᠡᠨ ᠵᠠᠰᠠᠬᠤ ᠣᠷᠣᠨ ᠤ ︽ᠨᠢᠭᠡ ᠣᠷᠣᠨ ᠬᠤᠶᠠᠷ ᠪᠦᠰᠡ︾ ᠲᠠᠢ ᠬᠤᠯᠪᠣᠭᠳᠠᠬᠤ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠪᠦᠰᠡ ᠶᠢ ᠲᠣᠳᠣᠷᠬᠠᠶᠢᠯᠠᠵᠤ᠂ ᠣᠢ ᠰᠢᠭᠤᠢ ᠨᠤᠲᠤᠭ ᠪᠡᠯᠴᠢᠭᠡᠷ ᠂ ᠡᠯᠡᠰᠦᠷᠬᠡᠭᠵᠢᠭᠰᠡᠨ ᠭᠠᠵᠠᠷ ᠰᠢᠷᠣᠢ ᠂ ᠭᠤᠣᠯ ᠮᠦᠷᠡᠨ ᠨᠠᠭᠤᠷ ᠴᠥᠭᠦᠷᠥᠮ ᠨᠣᠶᠢᠲᠠᠨ ᠭᠠᠵᠠᠷ ᠂ ᠠᠭᠤᠷᠬᠠᠢ ᠶᠢᠨ ᠣᠷᠣᠨ ᠂ ᠲᠠᠷᠢᠶᠠᠨ ᠭᠠᠵᠠᠷ ᠂ ᠬᠤᠲᠠ ᠪᠠᠯᠭᠠᠰᠤ ᠂ ᠠᠮᠢ ᠠᠬᠤᠢ ᠶᠢᠨ ᠠᠵᠤ ᠦᠢᠯᠡᠰ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ 7 ᠭᠤᠣᠯᠳᠠᠯᠭ᠎ᠠ ᠲᠠᠢ ᠬᠦᠷᠢᠶ᠎ᠡ ᠶᠢ ᠲᠣᠭᠲᠠᠭᠠᠪᠠ ᠃
︵ᠬᠤᠶᠠᠷ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ ᠃
︽ᠬᠡᠨ ᠰᠡᠷᠭᠦᠭᠡᠪᠡᠯ ᠬᠡᠨ ᠠᠰᠢᠭ ᠭᠥᠷᠳᠡᠬᠦ︾ ᠵᠠᠷᠴᠢᠮ ᠶᠣᠰᠣᠭᠠᠷ ᠂ ᠲᠥᠷᠥᠯ ᠵᠦᠢᠯ ᠢ ᠪᠠᠶᠢᠭᠤᠯᠬᠤ ᠂ ᠬᠡᠷᠡᠭᠵᠢᠭᠦᠯᠬᠦ ᠂ ᠰᠢᠯᠭᠠᠨ ᠬᠤᠷᠢᠶᠠᠵᠤ ᠠᠪᠬᠤ ᠂ ᠬᠠᠮᠢᠶᠠᠷᠴᠤ ᠬᠠᠮᠠᠭᠠᠯᠠᠬᠤ ᠂ ᠡᠷᠬᠡ ᠠᠰᠢᠭ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠳᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ 8 ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ ᠂ ᠪᠣᠳᠠᠲᠠᠢ ᠠᠷᠭ᠎ᠠ ᠵᠠᠮ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠤᠷᠠᠳᠴᠤ ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠠᠭᠤᠯᠭ᠎ᠠ ᠂ ᠣᠷᠤᠯᠴᠠᠬᠤ ᠠᠷᠭ᠎ᠠ ᠬᠡᠯᠪᠡᠷᠢ ᠂ ᠣᠷᠤᠯᠴᠠᠬᠤ ᠶᠠᠪᠤᠴᠠ ᠶᠢ ᠵᠢᠭᠠᠨ ᠲᠣᠳᠣᠷᠬᠠᠶᠢᠯᠠᠵᠤ᠂ ᠲᠣᠳᠣᠷᠬᠠᠢ ᠠᠷᠭ᠎ᠠ ᠵᠠᠮ ᠢ ᠲᠣᠭᠲᠠᠭᠠᠵᠤ ᠂ ᠬᠠᠮᠢᠶᠠᠷᠤᠯᠲᠠ ᠶᠢᠨ ᠵᠢᠷᠤᠮᠵᠢᠯ ᠢ ᠲᠣᠳᠣᠷᠬᠠᠶᠢᠯᠠᠨ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠰᠢᠨᠵᠢᠯᠡᠬᠦ ᠤᠬᠠᠭᠠᠨᠴᠢᠯᠠᠭᠰᠠᠨ ᠂ ᠳᠦᠷᠢᠮᠵᠢᠭᠰᠡᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠲᠠᠢ ᠪᠣᠯᠭᠠᠬᠤ ᠶᠢ ᠪᠠᠲᠤᠯᠠᠵᠠᠢ ᠃
︵ᠭᠤᠷᠪᠠ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ ᠃
ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠭᠠᠵᠠᠷ ᠰᠢᠷᠣᠢ ᠶᠢ ᠵᠦᠷᠢᠶᠡᠵᠢᠬᠦᠯᠦᠨ ᠬᠡᠷᠡᠭᠯᠡᠬᠦ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠴᠢᠯᠦᠭᠡᠲᠡᠢ ᠭᠦᠢᠯᠭᠡᠭᠡᠬᠦ᠂ ᠰᠢᠷᠣᠢ ᠴᠢᠯᠠᠭᠤᠨ ᠮᠠᠲ᠋ᠧᠷᠢᠶᠠᠯ ᠢ ᠵᠦᠢ ᠵᠣᠬᠢᠰᠲᠠᠢ ᠠᠰᠢᠭᠯᠠᠬᠤ ᠂ ᠣᠶ ᠮᠣᠳᠣᠨ ᠤ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠦᠢᠯᠡᠳᠬᠦᠨ ᠤ ᠥᠷᠲᠡᠭ ᠢ ᠪᠡᠶᠡᠯᠡᠭᠦᠯᠬᠦ ᠵᠠᠭᠪᠤᠷ ᠢ ᠬᠠᠶᠢᠨ ᠰᠦᠪᠡᠭᠴᠢᠯᠡᠬᠦ ᠂ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠵᠡᠷᠭᠡ 6 ᠲᠠᠯ᠎ᠠ ᠪᠠᠷ ᠨᠠᠷᠢᠯᠢᠭᠵᠢᠭᠤᠯᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠳᠡᠮᠵᠢᠬᠦ ᠳᠤ ᠲᠥᠷᠥ ᠶᠢᠨ ᠪᠣᠳᠣᠯᠭ᠎ᠠ ᠶᠢᠨ ᠪᠣᠳᠠᠲᠠᠢ ᠵᠢᠯᠣᠭᠤᠳᠤᠯᠭ᠎ᠠ ᠬᠠᠩᠭᠠᠪᠠ ᠃
︵ᠳᠥᠷᠪᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠪᠠ ᠃
ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠥᠷᠨᠢᠭᠦᠯᠬᠦ ᠶᠠᠪᠤᠴᠠ ᠳᠠᠬᠢ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ ᠶᠢ ᠳᠤᠷᠠᠳᠴᠤ ᠂ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠷᠠᠭᠤᠯᠬᠤ ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠭᠡᠬᠦ 3 ᠲᠠᠯ᠎ᠠ ᠠᠴᠠ ᠪᠣᠳᠠᠲᠠᠢ ᠱᠠᠭᠠᠷᠳᠠᠯᠭ᠎ᠠ ᠳᠤᠷᠠᠳᠪᠠ ᠃
ᠭᠤᠷᠪᠠ ᠂ ︽ ᠬᠡᠷᠡᠭᠵᠢᠭᠦᠯᠬᠦ ᠰᠠᠨᠠᠯ ︾ ᠤᠨ ᠣᠨᠴᠠᠯᠢᠭ ᠪᠦᠬᠦᠢ ᠭᠢᠯᠠᠰ ᠴᠡᠭ
︽ᠬᠡᠷᠡᠭᠵᠢᠭᠦᠯᠬᠦ ᠰᠠᠨᠠᠯ︾ ᠳᠤ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠠᠰᠢᠭᠯᠠᠬᠤ ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠠᠰᠢᠭᠯᠠᠬᠤ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ ᠴᠣᠭᠴᠠ ᠶᠢᠨ ᠡᠷᠬᠡ ᠠᠰᠢᠭ ᠢ ᠪᠡᠶᠡᠯᠡᠭᠦᠯᠬᠦ ᠭᠤᠣᠯᠳᠠᠯᠭ᠎ᠠ ᠲᠠᠢ ᠠᠷᠭ᠎ᠠ ᠵᠠᠮ ᠳᠤ ᠪᠥᠬᠦ ᠴᠣᠪᠣᠷᠠᠯ ᠤᠨ ᠲᠥᠷᠥ ᠶᠢᠨ ᠪᠣᠳᠣᠯᠭ᠎ᠠ ᠶᠢᠨ ᠪᠣᠭᠤᠵᠢᠯᠠᠯ ᠬᠢᠵᠤ᠂ ᠡᠭᠦᠨ ᠤ ᠬᠠᠮᠲᠤ 4 ᠯᠠᠪᠯᠠᠯᠲᠠ ᠶᠢᠨ ᠲᠣᠪᠴᠢ ᠶᠢ ᠳᠠᠭᠠᠯᠳᠤᠭᠤᠯᠤᠨ᠂ ᠰᠡᠷᠭᠦᠭᠡᠬᠦ ᠲᠥᠰᠥᠯ ᠲᠠᠢ ᠬᠠᠮᠲᠤ ᠴᠣᠬᠤᠯᠠᠪᠤᠷᠢᠯᠠᠨ ᠬᠡᠷᠡᠭᠵᠢᠭᠦᠯᠵᠦ ᠂ ᠳᠠᠭᠢᠵᠤ ᠲᠤᠰᠠᠭᠠᠷ ᠬᠢᠨᠠᠨ ᠵᠥᠪᠰᠢᠶᠡᠷᠡᠬᠦ ᠦᠭᠡᠢ ᠪᠣᠯᠭᠠᠵᠤ᠂ ᠨᠡᠶᠢᠭᠡᠮ ᠤᠨ ᠬᠥᠷᠥᠩᠭᠡ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠭᠰᠠᠨ ᠰᠠᠭᠤᠷᠢᠨ ᠳᠡᠭᠡᠷ᠎ᠡ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠪᠠ᠃