ᠰᠢ ᠶᠢᠨ ᠫᠢᠩ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ — ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠳᠡᠵᠦ ᠰᠢᠨ᠎ᠡ ᠴᠠᠭ ᠦᠶ᠎ᠡ ᠳᠤ ᠯᠧᠢ ᠹᠧᠩ ᠤᠨ ᠵᠣᠷᠢᠭ ᠰᠠᠨᠠᠭᠠᠨ  ᠤ ᠭᠡᠷᠡᠯ ᠭᠢᠯᠪᠠᠭ᠎ᠠ ᠶᠢ ᠨᠡᠩ ᠰᠠᠴᠤᠷᠠᠭᠤᠯᠬᠤ ᠬᠡᠷᠡᠭᠲᠡᠢ  ᠼᠠᠢ ᠴᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/2/24

      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ ᠂ ᠡᠨᠡ ᠵᠢᠯ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠤᠢ ᠪᠣᠯᠣᠨ᠎ᠠ ᠃ 60 ᠵᠢᠯ ᠤᠨ ᠲᠤᠷᠰᠢ ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠪᠦᠭᠦ ᠤᠯᠤᠰ ᠲᠤ ᠵᠠᠯᠭᠠᠭ᠎ᠠ ᠪᠠᠷ ᠭᠦᠨᠵᠡᠭᠡᠢ ᠥᠷᠨᠢᠭᠦᠯᠵᠦ ᠂ ᠯᠧᠢ ᠹᠧᠩ ᠢ ᠬᠥᠮᠥᠨ ᠪᠣᠯᠭᠠᠨ ᠮᠡᠳᠡᠵᠦ ᠂ ᠯᠧᠢ ᠹᠧᠩ ᠤᠨ ᠦᠢᠯᠡ ᠠᠵᠢᠯᠯᠠᠭ᠎ᠠ ᠬᠥᠮᠥᠰ ᠤᠨ ᠰᠡᠳᠬᠢᠯ ᠳᠤ ᠭᠦᠨ ᠬᠠᠳᠠᠩᠰᠢᠵᠤ ᠂ ᠯᠧᠢ ᠹᠧᠩ ᠤᠨ ᠵᠣᠷᠢᠭ ᠰᠠᠨᠠᠭ᠎ᠠ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢ ᠤᠮᠳᠠᠯᠠᠵᠠᠢ ᠃ ᠴᠠᠭ ᠦᠶ᠎ᠡ ᠶᠠᠭᠠᠬᠢᠵᠤ ᠬᠤᠪᠢᠷᠠᠭᠰᠠᠨ ᠴᠤ ᠯᠧᠢ ᠹᠧᠩ ᠤᠨ ᠵᠣᠷᠢᠭ ᠰᠠᠨᠠᠭ᠎ᠠ ᠬᠡᠵᠢᠶᠡᠳᠡ ᠴᠠᠭ ᠠᠴᠠ ᠬᠤᠴᠣᠷᠬᠤ ᠦᠭᠡᠢ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠰᠢᠨ᠎ᠡ ᠠᠶᠠᠨ ᠳᠤ ᠂ ᠯᠧᠢ ᠹᠧᠩ ᠤᠨ ᠵᠣᠷᠢᠭ ᠰᠠᠨᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠰᠢᠵᠦ ᠂ ᠨᠠᠮ ᠤᠨ ᠭᠡᠰᠢᠭᠦᠨ ᠂ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠳᠡᠮᠵᠢᠯᠭᠡ ᠶᠢ ᠴᠢᠩᠭᠠᠳᠬᠠᠵᠤ ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ ᠂ ᠯᠧᠢ ᠹᠧᠩ ᠠᠴᠠ ᠰᠤᠷᠤᠯᠴᠠᠬᠤ ᠶᠢ ᠠᠷᠠᠳ ᠣᠯᠠᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠤᠯᠭᠠᠵᠤ ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠵᠢᠯᠯᠠᠭ᠎ᠠ ᠳᠤ ᠠᠭᠤᠰᠤᠯᠴᠠᠭᠤᠯᠵᠤ ᠂ ᠪᠠᠶᠢᠩᠭᠤᠵᠢᠭᠤᠯᠵᠤ ᠂ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠠᠩ ᠭᠡᠷᠡᠯ ᠭᠢᠯᠪᠠᠭ᠎ᠠ ᠰᠠᠴᠤᠷᠠᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ︽ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠶ᠎ᠠ — ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠣᠶ ᠶᠢ ᠳᠤᠷᠠᠰᠬᠠᠶ᠎ᠠ ︾ ᠭᠡᠬᠦ ᠶᠠᠷᠢᠯᠴᠠᠬᠤ ᠬᠤᠷᠠᠯ 2 ᠰᠠᠷ᠎ᠠ ᠶᠢᠨ 23 ᠎ ᠤ ᠡᠳᠦᠷ ᠪᠡᠭᠡᠵᠢᠩ ᠳᠤ ᠬᠤᠷᠠᠯᠳᠤᠪᠠ ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ ᠃

      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠲᠡᠷᠡ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ 60 ᠵᠢᠯ ᠤᠨ ᠲᠤᠷᠰᠢᠬᠢ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ ᠂ ᠯᠧᠢ ᠹᠧᠩ ᠤᠨ ᠵᠣᠷᠢᠭ ᠰᠠᠨᠠᠭᠠᠨ ᠤ ᠮᠥᠩᠬᠡ ᠶᠢᠨ ᠦᠨ᠎ᠡ ᠥᠷᠲᠡᠭ ᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠰᠢᠨ᠎ᠡ ᠠᠶᠠᠨ ᠳᠤ ᠯᠧᠢ ᠹᠧᠩ ᠤᠨ ᠵᠣᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠤᠯᠠᠮ ᠴᠢᠨᠠᠭᠰᠢᠳᠠ ᠰᠠᠶᠢᠲᠤᠷ ᠥᠷᠨᠢᠭᠦᠯᠵᠦ ᠂ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠵᠤ ᠂ ᠨᠠᠮ ᠤᠨ ᠭᠡᠰᠢᠭᠦᠨ ᠂ ᠺᠠᠳ᠋ᠷ ᠂ ᠤᠯᠠᠨ ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ ᠭᠡᠵᠦ ᠢᠯᠡᠳᠬᠡᠪᠡ ᠃

      ᠼᠠᠢ ᠴᠢ ᠂ ᠮᠠᠤ ᠽᠧ ᠳ᠋ᠦᠩ ᠨᠥᠬᠦᠷ ︽ᠯᠧᠢ ᠹᠧᠩ ᠨᠥᠬᠦᠷ ᠠᠴᠠ ᠰᠤᠷᠤᠯᠴᠠᠶ᠎ᠠ ︾ ᠭᠡᠵᠦ ᠤᠷᠢᠶᠠᠯᠠᠭᠰᠠᠨ 60 ᠵᠢᠯ ᠤᠨ ᠲᠤᠷᠰᠢ ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠥᠷᠨᠢᠭᠦᠨ ᠬᠥᠭᠵᠢᠵᠦ ᠂ ᠦᠷᠭᠦᠯᠵᠢᠯᠡᠨ ᠭᠦᠨᠵᠡᠭᠡᠶᠢᠷᠡᠵᠦ ᠂ ᠯᠧᠢ ᠹᠧᠩ ᠤᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ ᠂ ᠦᠶ᠎ᠡ ᠳᠠᠮᠵᠢᠨ ᠤᠯᠠᠮᠵᠢᠯᠠᠵᠤ ᠂ ᠦᠶ᠎ᠡ ᠦᠶ᠎ᠡ ᠶᠢᠨ ᠬᠥᠮᠥᠰ ᠤᠨ ᠨᠠᠮ ᠳᠠᠭᠠᠨ ᠦᠨᠡᠨᠴᠢ ᠰᠢᠳᠤᠷᠭᠤ ᠂ ᠡᠬᠡ ᠤᠯᠤᠰ ᠲᠠᠭᠠᠨ ᠬᠤᠪᠢ ᠨᠡᠮᠡᠷᠢ ᠦᠵᠡᠭᠦᠯᠵᠦ ᠂ ᠠᠷᠠᠳ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠪᠠ ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ ᠂ ᠰᠢᠨ᠎ᠡ ᠴᠠᠭ ᠦᠶ᠎ᠡ ᠶᠢᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠥᠷᠭᠡᠳᠬᠡᠬᠦ ᠂ ᠭᠡᠯᠪᠡᠷᠢ ᠶᠢᠨ ᠰᠢᠨ᠎ᠡ ᠶᠢ ᠡᠭᠦᠳᠭᠦ ᠂ ᠠᠴᠢᠶᠠᠯᠠᠭᠴᠢ ᠶᠢ ᠪᠠᠶᠠᠯᠢᠭᠵᠢᠭᠤᠯᠬᠤ ᠶᠢ ᠵᠢᠯᠣᠭᠤᠳᠤᠨ ᠠᠬᠢᠭᠤᠯᠵᠤ ᠂ ᠯᠧᠢ ᠹᠧᠩ ᠮᠠᠶ᠋ᠢᠭ ᠤᠨ ᠲᠡᠷᠢᠭᠦᠨ ᠤ ᠬᠠᠮᠲᠤ ᠪᠠ ᠵᠢᠱᠢᠶᠡᠴᠢ ᠬᠥᠮᠥᠰ ᠪᠦᠯᠦᠭ ᠪᠦᠯᠦᠭ ᠢᠶᠠᠷ ᠴᠣᠯᠭᠤᠷᠠᠨ ᠭᠠᠷᠴᠤ ᠂ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠳᠤ ᠤᠨᠲᠠᠷᠠᠰᠢ ᠦᠭᠡᠢ ᠣᠶᠤᠨ ᠰᠠᠨᠠᠭᠠᠨ ᠤ  ᠬᠥᠳᠡᠯᠭᠡᠬᠦ ᠬᠦᠴᠦᠨ ᠨᠡᠮᠡᠷᠢᠯᠡᠪᠡ ᠃ ᠰᠢᠨ᠎ᠡ ᠠᠶᠠᠨ ᠳᠤ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ ᠂ ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ ᠂ ᠨᠠᠮ ᠤᠨ ᠭᠡᠰᠢᠭᠦᠨ ᠂ ᠺᠠᠳ᠋ᠷ ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠪᠤᠢ ᠪᠤᠯᠭᠠᠵᠤ ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠭᠡ ᠬᠠᠯᠠᠭᠤᠨ ᠰᠡᠳᠬᠢᠯᠭᠡ ᠶᠢ ᠬᠥᠭᠵᠢᠭᠡᠵᠦ ᠂ ︽ᠬᠤᠶᠠᠷ ᠢ ᠲᠣᠭᠲᠠᠭᠠᠭᠰᠠᠨ ︾ ᠎ ᠢ ᠨᠡᠩ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠎ ᠶᠢ ᠡᠷᠡᠰ ᠪᠡᠶᠡᠯᠡᠭᠦᠯᠵᠦ ᠂ ᠬᠤᠪᠢ ᠬᠥᠮᠥᠨ ᠤ ᠬᠥᠭᠡᠭᠡᠴᠡᠯᠳᠦᠯ ᠢᠶᠠᠨ ᠤᠬᠠᠮᠰᠠᠷ ᠠᠴᠠ ᠪᠠᠨ ᠨᠠᠮ ᠪᠠ ᠠᠷᠠᠳ ᠲᠦᠮᠡᠨ ᠤ ᠦᠢᠯᠡᠰ ᠤᠨ ᠳᠥᠯᠥᠭᠡᠨ ᠤ ᠲᠡᠮᠡᠴᠡᠯ ᠳᠤ ᠠᠭᠤᠰᠬᠠᠨ ᠣᠷᠣᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ ᠃ ᠯᠧᠢ ᠹᠧᠩ ᠤᠨ ᠵᠣᠷᠢᠭ ᠰᠠᠨᠠᠭ᠎ᠠ ᠶᠢ ᠰᠤᠳᠤᠯᠤᠨ ᠲᠠᠶᠢᠯᠪᠤᠷᠢᠯᠠᠬᠤ ᠂ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ ᠂ ᠨᠠᠮ ᠤᠨ ᠭᠡᠰᠢᠭᠦᠨ ᠂ ᠺᠠᠳ᠋ᠷ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠲᠠᠪᠴᠠᠩ ᠤᠨ ᠠᠴᠢᠶᠠᠯᠠᠭᠴᠢ ᠶᠢ ᠪᠠᠶᠠᠯᠢᠭᠵᠢᠭᠤᠯᠤᠨ ᠥᠷᠭᠡᠳᠬᠡᠵᠦ ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠤᠢ ᠪᠤᠯᠭᠠᠬᠤ ᠶᠢ ᠠᠬᠢᠭᠤᠯᠵᠤ ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠨᠡᠩ ᠢᠯᠡᠭᠦᠦ ᠴᠠᠭ ᠦᠶ᠎ᠡ ᠶᠢᠨ ᠲᠠᠲᠠᠬᠤ ᠬᠦᠴᠦᠨ ᠲᠠᠢ ᠪᠤᠯᠭᠠᠵᠤ ᠂ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠪᠤᠯᠭᠠᠬᠤ ᠬᠡᠷᠡᠭᠲᠡᠢ ᠭᠡᠵᠦ ᠢᠯᠡᠳᠬᠡᠪᠡ ᠃

      ᠯᠢ ᠱᠤ᠋ ᠯᠧᠢ ᠶᠠᠷᠢᠯᠴᠠᠬᠤ ᠬᠤᠷᠠᠯ ᠢ ᠡᠷᠭᠢᠯᠡᠵᠦ ᠂ ᠰᠦᠨ ᠴᠦᠨ ᠯᠠᠨ ᠪᠣᠯᠣᠨ ᠮᠢᠶᠣᠣ ᠬᠤᠸᠠ ᠬᠤᠷᠠᠯ ᠳᠤ ᠣᠷᠣᠯᠴᠠᠪᠠ ᠃

      ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠂ ᠰᠤᠷᠭᠠᠨ ᠬᠥᠮᠦᠵᠢᠯ ᠤᠨ ᠶᠠᠮᠤᠨ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ ᠂ ᠬᠤᠨᠠᠨ ᠮᠤᠵᠢ ᠶᠢᠨ ᠴᠠᠩᠱᠠ ᠬᠤᠲᠠ ᠂ ᠯᠢᠶᠣᠤᠨᠢᠩ ᠮᠤᠵᠢ ᠶᠢᠨ ᠹᠦᠱᠦ᠋ᠨ ᠬᠤᠲᠠ ᠪᠣᠯᠣᠨ ᠯᠧᠢ ᠹᠧᠩ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠴᠡᠷᠢᠭ ᠠᠩᠭᠢ ᠶᠢᠨ ᠬᠠᠷᠢᠭᠤᠴᠠᠯᠭᠠᠲᠠᠨ ᠨᠥᠬᠦᠳ ᠂ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠡᠭᠡᠷ᠎ᠡ ᠦᠭᠡ ᠬᠡᠯᠡᠵᠡᠢ ᠃ ᠶᠠᠷᠢᠯᠴᠠᠬᠤ ᠬᠤᠷᠠᠯ ᠢ ᠲᠥᠪ ᠤᠨ ᠤᠬᠠᠭᠤᠯᠬᠤ ᠬᠡᠯᠲᠡᠰ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠵᠥᠪᠯᠡᠯ ᠤᠨ ᠠᠯᠪᠠᠨ ᠭᠡᠷ ᠂ ᠰᠤᠷᠭᠠᠨ ᠬᠥᠮᠦᠵᠢᠯ ᠤᠨ ᠶᠠᠮᠤᠨ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ ᠬᠠᠮᠲᠤᠷᠠᠨ ᠡᠷᠭᠢᠯᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ