|
ᠡᠨᠡ ᠵᠢᠯ ᠬᠥᠯᠥᠨ ᠪᠤᠶᠢᠷ ᠬᠤᠲᠠ ᠶᠢᠨ ᠬᠢᠨ ᠨᠢᠷᠠᠢ ᠨᠢᠯᠬ᠎ᠠ ᠬᠡᠦᠬᠡᠳ ᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢᠨ ᠣᠷᠣᠨ ᠤ ᠲᠤᠭ᠎ᠠ ᠶᠢ 6000 ᠠᠴᠠ | ᠳᠡᠭᠡᠭᠰᠢ ᠨᠡᠮᠡᠭᠳᠡᠭᠦᠯᠬᠦ ᠪᠠᠷ ᠪᠣᠶ |
|
|
ᠨᠡᠶᠢᠲᠡᠯᠡᠭᠰᠡᠨ ᠴᠠᠭ᠄
2023/2/24
|
|
ᠡᠨᠡ ᠵᠢᠯ ᠬᠥᠯᠥᠨ ᠪᠤᠶᠢᠷ ᠬᠤᠳᠠ ᠶᠢᠨ ᠬᠢᠨ ᠨᠢᠷᠠᠢ ᠨᠢᠯᠬ᠎ᠠ ᠬᠡᠦᠬᠡᠳ ᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢᠨ ᠣᠷᠣᠨ ᠤ ᠲᠤᠭ᠎ᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠵᠢᠱᠢᠯᠲᠡ ᠪᠠᠷ 3 ᠨᠠᠰᠤᠨ ᠠᠴᠠ ᠳᠣᠷᠣᠭᠰᠢᠬᠢ ᠨᠢᠷᠠᠢ ᠨᠢᠯᠬ᠎ᠠ ᠬᠡᠦᠬᠡᠳ ᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢᠨ ᠣᠷᠣᠨ ᠤ ᠲᠤᠭ᠎ᠠ ᠶᠢᠨ ᠬᠠᠩᠭᠠᠯᠭ᠎ᠠ ᠶᠢ 6000 ᠠᠴᠠ ᠳᠡᠭᠡᠭᠰᠢ ᠳᠤ ᠬᠦᠷᠦᠭᠦᠯᠦᠨ᠎ᠡ᠃ ᠣᠶᠢᠷ᠎ᠠ ᠶᠢᠨ ᠵᠢᠯ ᠤᠳ ᠲᠤ᠂ ᠬᠥᠯᠥᠨ ᠪᠤᠶᠢᠷ ᠬᠤᠲᠠ ᠶᠢᠨ ᠬᠢᠨ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠢᠳᠡᠪᠬᠢᠲᠡᠢ ᠪᠠᠷ ᠵᠢᠷᠤᠮᠵᠢᠭᠤᠯᠤᠨ ᠳᠡᠭᠡᠭᠰᠢᠯᠡᠭᠦᠯᠵᠦ᠂ ᠨᠥᠬᠦᠴᠡᠯ ᠲᠠᠢ ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠠᠩᠭᠢ ᠨᠡᠭᠡᠭᠡᠨ ᠲᠣᠬᠢᠷᠠᠭᠤᠯᠬᠤ ᠶᠢ ᠳᠡᠮᠵᠢᠵᠦ᠂ 2 – 3 ᠨᠠᠰᠤᠨ ᠤ ᠬᠡᠦᠬᠡᠳ ᠢ ᠡᠯᠰᠡᠵᠦ᠂ ᠬᠡᠦᠬᠡᠳ ᠰᠠᠭᠠᠲᠠᠭᠤᠯᠬᠤ ᠠᠩᠭᠢ ᠶᠢᠨ ᠬᠡᠪᠴᠢᠶ᠎ᠡ ᠶᠢ ᠨᠡᠮᠡᠭᠳᠡᠭᠦᠯᠦᠨ᠂ ᠬᠡᠦᠬᠡᠳ ᠰᠠᠭᠠᠲᠠᠭᠤᠯᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢ ᠠᠬᠢᠭᠤᠯᠪᠠ᠃ ᠡᠭᠦᠨ ᠤ ᠬᠠᠮᠲᠤ᠂ ᠨᠡᠶᠢᠭᠡᠮ ᠤᠨ ᠬᠦᠴᠦᠨ ᠤ ᠨᠢᠷᠠᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠡᠷᠭᠢᠯᠡᠬᠦ ᠶᠢ ᠳᠡᠮᠵᠢᠵᠦ᠂ ᠨᠡᠶᠢᠭᠡᠮ ᠤᠨ ᠬᠦᠴᠦᠨ ᠤ ᠡᠯ᠎ᠡ ᠲᠥᠷᠥᠯ ᠤᠨ ᠲᠥᠷᠥᠭᠰᠡᠨ ᠬᠡᠦᠬᠡᠳ ᠤᠨ ᠠᠰᠠᠷᠠᠨ ᠬᠠᠷᠠᠭᠠᠯᠵᠠᠬᠤ ᠲᠥᠪ ᠪᠤᠶᠤ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠨᠡᠭᠡᠭᠡᠨ ᠡᠷᠭᠢᠯᠡᠵᠦ᠂ ᠡᠯ᠎ᠡ ᠲᠥᠷᠥᠯ ᠤᠨ ᠦᠢᠯᠡᠴᠢᠯᠡᠭᠡ ᠬᠠᠩᠭᠠᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠵᠣᠷᠢᠭᠵᠢᠭᠤᠯᠪᠠ᠃ 2022 ᠣᠨ ᠳᠤ᠂ ᠪᠥᠬᠦ ᠬᠤᠲᠠ ᠶᠢᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢᠨ ᠣᠷᠣᠨ ᠤ ᠲᠤᠭ᠎ᠠ ᠮᠢᠩᠭᠠᠨ ᠬᠥᠮᠥᠨ ᠪᠦᠷᠢ ᠳᠤ 2.4 ᠳᠤ ᠬᠥᠷᠪᠡ᠃ ᠬᠥᠯᠥᠨ ᠪᠤᠶᠢᠷ ᠬᠤᠲᠠ ᠶᠢᠨ ᠬᠢᠨ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ 0–3 ᠨᠠᠰᠤᠨ ᠤ ᠨᠢᠷᠠᠢ ᠨᠢᠯᠬ᠎ᠠ ᠬᠡᠦᠬᠡᠳ ᠤᠨ ᠡᠷᠡᠭᠦᠯ ᠮᠡᠨᠳᠦ ᠶᠢᠨ ᠵᠢᠯᠤᠭᠤᠳᠬᠤ ᠲᠥᠪ ᠢ ᠪᠠᠶᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ᠂ ᠡᠷᠡᠭᠦᠯ ᠮᠡᠨᠳᠦ ᠶᠢᠨ ᠬᠥᠮᠦᠵᠢᠯ ᠤᠨ ᠦᠢᠯᠡᠴᠢᠯᠡᠭᠡ᠂ ᠠᠩᠬᠠᠨ ᠤ ᠬᠥᠮᠦᠵᠢᠯ ᠤᠨ ᠦᠢᠯᠡᠴᠢᠯᠡᠭᠡ ᠵᠡᠷᠭᠡ ᠶᠢ ᠬᠠᠩᠭᠠᠵᠤ᠂ ᠪᠥᠬᠦ ᠨᠡᠶᠢᠭᠡᠮ ᠤᠨ ᠨᠢᠷᠠᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠨᠡᠶᠢᠭᠡᠮ ᠠᠴᠠ ᠣᠯᠠᠨ ᠶᠠᠩᠵᠤ ᠶᠢᠨ ᠲᠦᠭᠡᠮᠡᠯ ᠬᠠᠷᠠᠭᠠᠯᠵᠠᠯᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ︽ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠯᠪᠤᠭᠠᠯᠠᠨ ᠪᠥᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡᠯᠡᠬᠦ ᠠᠵᠢᠯ ᠢ ᠥᠷᠨᠢᠭᠦᠯᠪᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|