ᠮᠠᠨ ᠤ ᠣᠷᠣᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠬᠢᠷᠠᠮᠵᠢᠲᠠᠢ ᠭᠠᠵᠠᠷ ᠬᠡᠷᠡᠭᠯᠡᠬᠦ ᠠᠷᠭ᠎ᠠ ᠶᠢ ᠠᠮᠢᠳᠤᠯᠢᠭ ᠢᠶᠠᠷ ᠰᠣᠩᠭᠤᠬᠤ ᠶᠢ ᠳᠡᠮᠵᠢᠨ᠎ᠡ
ᠨᠡᠶᠢᠲᠡᠯᠡᠭᠰᠡᠨ ᠴᠠᠭ᠄
2023/2/3

      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠳᠣᠲᠣᠷᠠᠬᠢ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢ ᠰᠢᠯᠵᠢᠭᠦᠯᠦᠨ ᠬᠤᠳᠠᠯᠳᠤᠬᠤ ᠪᠠᠷ ᠭᠤᠣᠯ ᠪᠣᠯᠭᠠᠵᠤ ᠪᠠᠶᠢᠭᠰᠠᠨ ᠠᠴᠠ ᠲᠦᠷᠢᠶᠡᠰᠦᠯᠡᠭᠦᠯᠬᠦ᠂ ᠰᠢᠯᠵᠢᠭᠦᠯᠦᠨ ᠬᠤᠳᠠᠯᠳᠤᠬᠤ ᠶᠢ ᠵᠡᠷᠭᠡ ᠳᠤ ᠨᠢ ᠴᠢᠬᠤᠯᠠᠴᠢᠯᠠᠬᠤ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠭᠠᠵᠠᠷ ᠰᠢᠷᠣᠢ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠭᠠᠵᠠᠷ ᠰᠢᠷᠣᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃

      ᠣᠶᠢᠯᠠᠭᠠᠭᠰᠠᠨ ᠢᠶᠠᠷ᠂ ︽ᠬᠡᠷᠡᠭᠵᠢᠭᠦᠯᠬᠦ ᠨᠠᠷᠢᠨ ᠳᠦᠷᠢᠮ︾ ᠢ ᠦᠨᠳᠦᠰᠦᠯᠡᠪᠡᠯ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠠᠵᠤ ᠠᠬᠤᠶᠢᠯᠠᠯ ᠳᠠᠩ ᠭᠠᠭᠴᠠ ᠵᠠᠬ᠎ᠠ ᠳᠡᠯᠭᠡᠭᠦᠷ ᠤᠨ ᠰᠢᠯᠵᠢᠭᠦᠯᠦᠨ ᠬᠤᠳᠠᠯᠳᠤᠬᠤ ᠭᠠᠵᠠᠷ ᠰᠢᠷᠣᠢ ᠣᠯᠵᠤ ᠪᠠᠶᠢᠭᠰᠠᠨ ᠢ ᠣᠷᠳᠣ ᠬᠤᠭᠤᠴᠠᠭ᠎ᠠ ᠪᠠᠷ ᠲᠦᠷᠢᠶᠡᠰᠦᠯᠡᠬᠦ᠂ ᠤᠷᠢᠳ ᠢᠶᠠᠷ ᠲᠦᠷᠢᠶᠡᠰᠦᠯᠡᠵᠦ ᠳᠠᠷᠠᠭ᠎ᠠ ᠨᠢ ᠰᠢᠯᠵᠢᠭᠦᠯᠬᠦ᠂ ᠲᠦᠷᠢᠶᠡᠰᠦᠯᠡᠬᠦ ᠪᠠ ᠰᠢᠯᠵᠢᠭᠦᠯᠬᠦ ᠶᠢ ᠤᠶᠠᠯᠳᠤᠭᠤᠯᠬᠤ ᠵᠢᠴᠢ ᠬᠠᠷᠢᠮᠠᠬᠠᠢ ᠴᠢᠨᠠᠷᠲᠠᠢ ᠣᠨ ᠤ ᠬᠢᠵᠠᠭᠠᠷ ᠲᠣᠭᠲᠠᠭᠠᠬᠤ ᠵᠡᠷᠭᠡ ᠠᠷᠭ᠎ᠠ ᠪᠠᠷ ᠭᠠᠵᠠᠷ ᠰᠢᠷᠣᠢ ᠣᠯᠬᠤ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠨᠢ ᠪᠡᠯᠡ ᠣᠷᠣᠭᠤᠯᠤᠭᠰᠠᠨ ᠠᠵᠤ ᠦᠢᠯᠡᠰ ᠤᠨ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠦᠨᠳᠦᠰᠦᠯᠡᠨ ᠲᠣᠬᠢᠷᠠᠮᠵᠢᠲᠠᠢ ᠭᠠᠵᠠᠷ ᠬᠡᠷᠡᠭᠯᠡᠬᠦ ᠠᠷᠭ᠎ᠠ ᠮᠠᠶ᠋ᠢᠭ ᠢ ᠨᠠᠩ ᠠᠮᠢᠳᠤᠯᠢᠭ ᠢᠶᠠᠷ ᠰᠣᠩᠭᠤᠵᠤ ᠪᠣᠯᠣᠨ᠎ᠠ᠃ ᠡᠨᠡ ᠨᠢ ᠠᠵᠤ ᠠᠬᠤᠶᠢᠯᠠᠯ ᠤᠨ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠦᠢᠯᠡᠰ ᠤᠨ ᠲᠥᠷᠥᠯ ᠵᠦᠢᠯ ᠤᠨ ᠤᠬᠤᠷᠢᠨ ᠭᠠᠷᠤᠭᠰᠠᠨ ᠤ ᠳᠠᠷᠠᠭᠠᠬᠢ ᠭᠠᠵᠠᠷ ᠰᠢᠷᠣᠢ ᠶᠢ ᠳᠣᠣᠷ᠎ᠠ ᠦᠷ᠎ᠡ ᠠᠰᠢᠭ ᠲᠠᠢ ᠪᠠᠷ ᠬᠡᠷᠡᠭᠯᠡᠬᠦ ᠪᠠ ᠰᠤᠯᠠ ᠲᠠᠯᠪᠢᠬᠤ ᠶᠢ ᠪᠠᠭᠠᠰᠬᠠᠨ᠎ᠠ᠃ ︽ᠬᠡᠷᠡᠭᠵᠢᠭᠦᠯᠬᠦ ᠨᠠᠷᠢᠨ ᠳᠦᠷᠢᠮ︾ ᠳᠤ ᠠᠳᠠᠯᠢ ᠪᠤᠰᠤ ᠬᠡᠯᠪᠡᠷᠢ ᠶᠢᠨ ᠬᠠᠩᠭᠠᠯᠭ᠎ᠠ ᠶᠢᠨ ᠵᠢᠷᠤᠮ᠂ ᠬᠠᠩᠭᠠᠯᠭ᠎ᠠ ᠶᠢᠨ ᠣᠨ ᠤ ᠬᠢᠵᠠᠭᠠᠷ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠬᠤ ᠨᠥᠬᠦᠴᠡᠯ ᠤᠨ ᠲᠤᠬᠠᠢ ᠲᠣᠳᠣᠷᠬᠠᠢ ᠲᠣᠭᠲᠠᠭᠠᠯ ᠭᠠᠷᠭᠠᠪᠠ᠃ ᠡᠭᠦᠨ ᠤ ᠬᠠᠮᠲᠤ ᠭᠠᠵᠠᠷ ᠰᠢᠷᠣᠢ ᠶᠢᠨ ᠬᠠᠩᠭᠠᠯᠭ᠎ᠠ ᠶᠢᠨ ᠳᠠᠷᠠᠭᠠᠬᠢ ᠬᠢᠨᠠᠨ ᠬᠠᠮᠢᠶᠠᠷᠤᠯᠲᠠ ᠳᠤ ᠭᠠᠵᠠᠷ ᠰᠢᠷᠣᠢ ᠶᠢᠨ ᠬᠠᠮᠢᠶᠠᠷᠤᠯᠲᠠ ᠪᠠ ᠠᠵᠤ ᠦᠢᠯᠡᠰ ᠤᠨ ᠬᠠᠮᠢᠶᠠᠷᠤᠯᠲᠠ ᠭᠡᠬᠦ ᠬᠤᠶᠠᠷ ᠲᠠᠯ᠎ᠠ ᠠᠴᠠ ᠱᠠᠭᠠᠷᠳᠠᠯᠭ᠎ᠠ ᠳᠤᠷᠠᠳᠴᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠭᠠᠵᠠᠷ ᠰᠢᠷᠣᠢ ᠣᠯᠬᠤ ᠶᠢᠨ ᠬᠠᠮᠲᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠳᠤ ᠦᠨᠡᠨ ᠬᠦ ᠬᠡᠷᠡᠭᠯᠡᠬᠦ ᠳᠤ ᠠᠰᠢᠭᠲᠠᠢ ᠮᠥᠷᠲᠡᠭᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠭᠠᠵᠠᠷ ᠰᠢᠷᠣᠢ ᠶᠢᠨ ᠬᠠᠩᠭᠠᠯᠭ᠎ᠠ ᠶᠢᠨ ᠳᠠᠷᠠᠭᠠᠬᠢ ᠬᠢᠨᠠᠯᠲᠠ ᠶᠢ ᠴᠢᠩᠭᠠᠳᠬᠠᠬᠤ ᠪᠠ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠦ ᠠᠰᠢᠭᠲᠠᠢ ᠶᠤᠮ᠃ ᠲᠠᠨᠢᠯᠴᠠᠭᠤᠯᠤᠭᠰᠠᠨ ᠢᠶᠠᠷ᠂ ︽ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ᠃ 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ