ᠡᠷᠢᠶᠡᠨ ᠬᠤᠳᠠ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠲᠣᠭᠲᠠᠭᠤᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2023/2/3

      2 ᠳ᠋ᠤᠭᠠᠷ ᠰᠠᠷ᠎ᠠ ᠶᠢᠨ 1 ᠤ ᠡᠳᠦᠷ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠡᠷᠢᠶᠡᠨ ᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠢᠭᠡᠳ ᠭᠤᠶᠤᠴᠢᠯᠠᠨ ᠮᠡᠳᠡᠭᠦᠯᠬᠦ ᠠᠵᠢᠯ ᠤᠨ ᠬᠤᠷᠠᠯ ᠬᠤᠷᠠᠯᠳᠤᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠪᠠ᠃
      ᠬᠤᠷᠠᠯ ᠳᠡᠭᠡᠷ᠎ᠡ᠂ ︽ᠡᠷᠢᠶᠡᠨ ᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠲᠣᠳᠣᠷᠬᠠᠶᠢᠯᠠᠯᠲᠠ ᠬᠢᠪᠡ︔ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠠᠴᠠ ᠡᠭᠦᠳᠦᠨ ᠪᠠᠶᠢᠭᠤᠯᠬᠤ ᠶᠠᠪᠤᠴᠠ᠂ ᠦᠨᠳᠦᠰᠦᠨ ᠨᠥᠬᠦᠴᠡᠯ᠂ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ᠂ ᠮᠠᠲ᠋ᠧᠷᠢᠶᠠᠯ ᠪᠡᠯᠡᠳᠬᠡᠬᠦ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠪᠡ᠃
      ᠬᠤᠷᠠᠯ ᠠᠴᠠ ᠱᠠᠭᠠᠷᠳᠠᠬᠤ ᠳᠤ ᠪᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮᠳᠠᠭᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠢᠨᠲᠠᠷᠠᠰᠢ ᠦᠭᠡᠢ ᠪᠠᠲᠤ ᠬᠦᠴᠦᠨ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠰᠠᠬᠢᠬᠤ ᠬᠠᠷᠢᠭᠤᠴᠠᠯᠭ᠎ᠠ᠂ ᠪᠣᠳᠠᠲᠠᠢ ᠶᠢ ᠡᠷᠬᠢᠮᠯᠡᠬᠦ ᠴᠢᠩᠭ᠎ᠠ ᠨᠢᠮᠪᠠᠢ ᠰᠤᠷᠲᠠᠯ ᠢᠶᠠᠷ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠬᠦ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ 2023 ᠣᠨ ᠤ ᠰᠡᠭᠦᠯᠴᠢ ᠪᠠᠷ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠣᠯᠬᠤ ᠪᠠᠷ ᠴᠢᠷᠮᠠᠶᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠬᠢᠵᠠᠭᠠᠷ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ ᠲᠦᠮᠡᠨ ᠭᠠᠵᠠᠷ ᠤᠨ ᠪᠣᠬᠢᠷᠳᠤᠯ ᠦᠭᠡᠢ ᠤᠷᠳᠤ ᠴᠠᠭᠠᠨ ᠬᠡᠷᠡᠮ ᠢ ᠪᠠᠲᠤ ᠴᠣᠭᠴᠠᠯᠠᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ