ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/2/6

      2 ᠰᠠᠷ᠎ᠠ  ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠪᠣᠯᠣᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠡᠷᠴᠢ ᠵᠣᠷᠢᠭ ᠢ ᠬᠥᠪᠴᠢᠯᠡᠪᠡ᠃ ᠪᠢᠳᠡ ︽ᠶᠡᠭᠡ ᠶᠣᠰᠣ ᠶᠢ ᠶᠠᠪᠤᠭᠤᠯᠬᠤ ᠪᠣᠯ ᠲᠤᠶᠢᠯ ᠤᠨ ᠲᠦᠭᠦᠮ ᠪᠠᠶᠢᠳᠠᠭ᠂ ᠪᠣᠳᠠᠲᠠᠢ ᠠᠵᠢᠯᠯᠠᠬᠤ ᠨᠢ ᠴᠢᠬᠤᠯᠠ ᠪᠠᠶᠢᠬᠤ︾ ᠶᠣᠰᠣ ᠶᠢ ᠪᠠᠲᠤ ᠴᠡᠭᠡᠵᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠴᠢᠷᠮᠠᠶᠢᠨ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠡᠭᠢᠯᠡᠯᠲᠡ ᠶᠢᠨ ᠵᠢᠯ ᠳᠤ ᠦᠨᠡᠨ ᠬᠦ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠬᠢᠯᠡᠮᠡᠭᠴᠡ ᠳᠠᠷᠤᠢ ᠰᠢᠢᠳᠪᠦᠷᠢᠲᠦ ᠳᠠᠶᠢᠯᠠᠯᠳᠤᠭᠠᠨ ᠬᠢᠬᠦ᠂ ᠡᠬᠢᠯᠡᠮᠡᠭᠴᠡ ᠳᠠᠷᠤᠢ ᠰᠢᠪᠲᠤᠯᠤᠯᠲᠠ ᠬᠢᠬᠦ ᠣᠪᠣᠷ ᠢᠶᠠᠷ᠂ ᠥᠷᠯᠥᠭᠡ ᠦᠳᠡᠰᠢ ᠶᠢ ᠲᠡᠮᠡᠴᠡᠨ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠲᠦᠷᠦᠭᠦᠦ ᠤᠯᠠᠷᠢᠯ ᠳᠤ ︽ᠰᠠᠶᠢᠨ ᠡᠭᠢᠯᠡᠯᠲᠡ︾᠎ ᠶᠢ ᠪᠡᠶᠡᠯᠡᠭᠦᠯᠬᠦ ᠶᠢ ᠪᠠᠲᠤᠯᠠᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠥᠪᠥᠷ ᠮᠣᠩᠭᠤᠯ ᠳᠤ ᠠᠪᠴᠤ ᠬᠡᠯᠡᠪᠡᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤ ᠬᠠᠮᠤᠭ ᠤᠨ ᠴᠢᠬᠤᠯᠠ ᠨᠢ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠪᠣᠳᠠᠲᠤ ᠪᠠᠶᠢᠳᠠᠯ ᠳᠠᠭᠠᠨ ᠰᠠᠭᠤᠷᠢᠯᠠᠨ ᠠᠵᠤ ᠠᠬᠤᠢ ᠶᠢᠨ ᠪᠠᠶᠢᠷᠢᠰᠢᠯ ᠢᠶᠠᠨ ᠱᠠᠯᠠᠪᠳᠠᠨ ᠰᠢᠯᠢᠳᠡᠭᠵᠢᠭᠦᠯᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠦᠨ ︽ᠲᠠᠪᠤᠨ ᠶᠡᠭᠡ ᠡᠭᠦᠷᠭᠡ︾᠎ ᠶᠢ ᠰᠠᠶᠢᠲᠤᠷ ᠨᠠᠶᠢᠳᠠᠪᠤᠷᠢᠵᠢᠭᠤᠯᠵᠤ᠂ ᠡᠳᠦᠷ ᠪᠦᠷᠢ ᠵᠢᠳᠬᠦᠯ ᠴᠢᠷᠮᠠᠶᠢᠯᠭ᠎ᠠ ᠭᠠᠷᠭᠠᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠨᠠᠩ ᠣᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠬᠠᠷᠢᠭᠤ ᠵᠠᠬᠢᠳᠠᠯ ᠪᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ ᠪᠣᠯᠣᠨ 2023 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠰᠤᠳᠤᠯᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ