ᠦᠢᠯᠡᠴᠢᠯᠡᠭᠡ ᠶᠢ ᠰᠢᠯᠢᠳᠡᠭᠵᠢᠭᠦᠯᠵᠦ ᠨᠡᠭᠡᠭᠡᠯᠲᠡ ᠶᠢ ᠥᠷᠭᠡᠳᠬᠡᠵᠦ ᠤᠷᠢᠳ ᠢᠶᠠᠷ ᠴᠤᠭᠯᠠᠷᠠᠭᠤᠯᠵᠤ ᠲᠠᠭᠢᠨ ᠨᠡᠶᠢᠯᠡᠭᠦᠯᠭᠦ ᠬᠡᠷᠡᠭᠲᠡᠢ  ᠸᠠᠩ ᠯᠢ ᠰᠢᠶᠠ ︽ᠮᠧᠩ ᠺᠧ ᠵᠢᠦᠢ︾ ᠰᠢᠨᠵᠢᠯᠡᠬᠦ ᠤᠬᠠᠭᠠ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/6

      2 ᠰᠠᠷ᠎ᠠ ᠶᠢᠨ 3 ᠤ ᠡᠳᠦᠷ᠂ ᠸᠠᠩ ᠯᠢ ᠰᠢᠶᠠ ᠭᠦᠭᠡᠬᠤᠲᠠ ᠳᠤ ︽ᠮᠧᠩ ᠺᠧ ᠵᠢᠦᠢ︾ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠢ ᠪᠠᠶᠢᠴᠠᠭᠠᠨ ᠰᠤᠳᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠶᠢ ᠠᠬᠢᠭᠤᠯᠬᠤ ᠲᠥᠪ᠂ ︽ᠮᠧᠩ ᠺᠧ ᠵᠢᠦᠢ︾ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ︽ᠨᠢᠭᠡ ᠴᠣᠭᠴᠠᠲᠤ ᠰᠦᠯᠵᠢᠶ᠎ᠡ︾᠂ ᠮᠧᠩ ᠺᠧ ᠵᠢᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃


1-1.jpg


      ᠸᠠᠩ ᠯᠢ ᠰᠢᠶᠠ᠂ ︽ᠨᠢᠭᠡ ᠴᠣᠭᠴᠠᠲᠤ ᠰᠦᠯᠵᠢᠶ᠎ᠡ︾ ᠶᠢ ᠬᠡᠷᠡᠭᠯᠡᠵᠦ ᠳᠡᠶᠢᠯᠭᠦ ᠡᠰᠡᠬᠦ᠂ ᠦᠨᠡᠨ ᠬᠦ ᠬᠡᠷᠡᠭᠴᠡᠭᠡ ᠲᠠᠢ ᠡᠰᠡᠬᠦ ᠶᠢᠨ ᠵᠠᠩᠭᠢᠯᠠᠭ᠎ᠠ ᠨᠢ ᠦᠢᠯᠡᠴᠢᠯᠡᠭᠡ ᠶᠢ ᠠᠳᠬᠤᠵᠤ᠂ ᠨᠡᠭᠡᠭᠡᠯᠲᠡ ᠶᠢ ᠠᠳᠬᠤᠬᠤ ᠳᠤ ᠪᠠᠶᠢᠨ᠎ᠠ᠃ ᠦᠢᠯᠡᠴᠢᠯᠡᠬᠦ ᠡᠲᠡᠭᠡᠳ ᠲᠤ ᠬᠠᠨᠳᠤᠭᠤᠯᠤᠨ ᠥᠷᠭᠡᠨ ᠢᠶᠠᠷ ᠤᠬᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠠ ᠠᠵᠤ ᠠᠬᠤᠶᠢᠯᠠᠯ ᠳᠤ ᠡᠨᠡ ᠬᠦ ᠰᠦᠯᠵᠢᠶ᠎ᠡ ᠶᠢ ᠮᠡᠳᠡᠭᠦᠯᠵᠦ᠂ ᠡᠨᠡ ᠬᠦ ᠰᠦᠯᠵᠢᠶ᠎ᠡ ᠶᠢ ᠬᠡᠷᠡᠭᠯᠡᠭᠦᠯᠬᠦ ᠬᠡᠷᠡᠭᠲᠡᠢ᠃ ᠡᠭᠢᠯᠡᠭᠦᠯᠭᠦ ᠶᠢᠨ ᠳᠠᠭᠠᠤ ᠬᠡᠷᠡᠭᠯᠡᠨ ᠲᠡᠭᠦᠯᠳᠡᠷᠵᠢᠭᠦᠯᠵᠦ᠂ ᠬᠡᠷᠡᠭᠯᠡᠭᠴᠢ ᠶᠢᠨ ᠳᠤᠮᠳᠠ ᠬᠦᠷᠴᠦ᠂ ᠬᠦᠰᠡᠯ ᠱᠠᠭᠠᠷᠳᠠᠯᠭ᠎ᠠ ᠳᠤ ᠬᠠᠷᠢᠭᠤ ᠦᠭᠭᠦ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠮᠥᠷᠳᠡᠨ ᠰᠢᠢᠳᠪᠦᠷᠢᠯᠡᠵᠦ᠂ ︽ᠪᠠᠶᠢᠭᠤᠯᠬᠤ ᠶᠢᠨ ᠲᠡᠳᠦᠢ ᠪᠠᠶᠢᠭᠤᠯᠵᠤ᠂ ᠬᠡᠷᠡᠭᠯᠡᠬᠦ ᠶᠢᠨ ᠲᠡᠳᠦᠢ ᠬᠡᠷᠡᠭᠯᠡᠬᠦ︾ ᠠᠴᠠ ᠵᠠᠶᠢᠯᠠᠰᠬᠢᠬᠦ ᠬᠡᠷᠡᠭᠲᠡᠢ᠃ ︽ᠨᠢᠭᠡ ᠲᠥᠪ︾᠂ ︽ᠨᠢᠭᠡ ᠺᠤᠮᠫᠠᠨᠢ︾ ᠶᠢ ᠰᠠᠶᠢᠲᠤᠷ ᠪᠠᠶᠢᠭᠤᠯᠵᠤ᠂ ᠨᠢᠭᠡ ᠯᠡ ᠬᠡᠪᠰᠢᠯ ᠳᠤ ᠪᠠᠷᠢᠭᠳᠠᠯ ᠦᠭᠡᠢ ᠪᠠᠷ ᠴᠢᠳᠠᠪᠤᠷᠢᠲᠠᠨ ᠰᠣᠩᠭᠤᠵᠤ᠂ ᠴᠢᠳᠠᠪᠤᠷᠢᠲᠠᠨ ᠢ ᠬᠡᠷᠡᠭᠯᠡᠵᠦ᠂ ᠨᠡᠭᠡᠭᠡᠯᠲᠡᠲᠤ ᠰᠡᠳᠬᠢᠬᠦᠢ ᠪᠠᠷ ᠴᠢᠳᠠᠪᠤᠷᠢᠲᠠᠨ ᠢ ᠡᠷᠢᠵᠦ᠂ ᠮᠡᠷᠭᠡᠨ ᠬᠥᠮᠥᠨ ᠢ ᠡᠷᠢᠵᠦ᠂ ᠲᠡᠳᠡᠨ ᠢ ᠵᠣᠷᠢᠭᠲᠠᠢ ᠪᠠᠷ ᠠᠵᠢᠯᠯᠠᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠪᠣᠯᠣᠨ ᠥᠷᠭᠡᠨ ᠣᠯᠠᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠭᠦᠢᠴᠡᠳ ᠬᠠᠮᠵᠢᠯᠴᠠᠵᠤ᠂ ᠢᠯᠠᠩᠭᠤᠶ᠎ᠠ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠬᠦᠴᠦᠨ ᠢ ᠨᠢᠭᠲᠠᠷᠠᠭᠤᠯᠵᠤ ᠤᠷᠢᠳ ᠢᠶᠠᠷ ᠴᠤᠭᠯᠠᠷᠠᠭᠤᠯᠤᠨ ᠳᠠᠷᠠᠭ᠎ᠠ ᠨᠢ ᠨᠡᠶᠢᠯᠡᠭᠦᠯᠭᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃


1-2.jpg


1-3.jpg


      ᠳᠠᠷᠠᠭ᠎ᠠ ᠨᠢ᠂ ᠸᠠᠩ ᠯᠢ ᠰᠢᠶᠠ ᠹᠦ᠋ ᠯᠢᠦ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ᠂ ᠬᠠᠢ ᠲᠧ ᠬᠤᠸᠠ ᠼᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠳᠤ ᠬᠦᠷᠴᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ᠂ ᠲᠥᠷᠥᠯ ᠵᠦᠢᠯ ᠤᠨ ᠬᠠᠮᠲᠤᠷᠠᠯᠴᠠᠭ᠎ᠠ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠤᠨ ᠦᠢᠯᠡᠴᠢᠯᠡᠭᠡ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠢ ᠰᠢᠨ᠎ᠡ ᠶᠢ ᠡᠭᠦᠳᠭᠦ ᠶᠢ ᠲᠤᠪᠤᠶᠢᠯᠭᠠᠵᠤ᠂ ᠠᠷᠭ᠎ᠠ ᠪᠦᠭᠦᠨ ᠢ ᠰᠦᠪᠡᠭᠴᠢᠯᠡᠵᠦ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠦᠢᠯᠡᠳᠪᠦᠷᠢᠯᠡᠯ ᠤᠨ ᠲᠠᠯ᠎ᠠ ᠯᠤᠭ᠎ᠠ ᠵᠣᠯᠭᠠᠭᠤᠯᠵᠤ᠂ ᠮᠡᠷᠭᠡᠵᠢᠯ ᠤᠨ ᠬᠡᠷᠡᠭᠯᠡᠭᠡᠨ᠂ ᠦᠢᠯᠡᠳᠬᠦᠨ ᠤ ᠳᠡᠯᠭᠡᠷᠡᠭᠦᠯᠦᠯᠲᠡ ᠶᠢ ᠴᠢᠩᠭᠠᠳᠬᠠᠵᠤ᠂ ᠠᠯᠢ ᠲᠦᠷᠭᠡᠨ ᠢᠶᠠᠷ ᠵᠠᠬ᠎ᠠ ᠳᠡᠯᠭᠡᠭᠦᠷ ᠢ ᠡᠵᠡᠯᠡᠭᠦ ᠬᠡᠷᠡᠭᠲᠡᠢ᠃ ᠠᠵᠤ ᠠᠬᠤᠶᠢᠯᠠᠯ ᠤᠨ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠶᠢ ᠴᠥᠮ ︽ᠨᠢᠭᠡ ᠴᠣᠭᠴᠠᠲᠤ ᠰᠦᠯᠵᠢᠶ᠎ᠡ︾ ᠳᠤ ᠣᠷᠣᠭᠤᠯᠤᠨ ᠤᠷᠳᠤ ᠬᠤᠭᠤᠴᠠᠭᠠᠨ ᠤ ᠪᠦᠲᠦᠮᠵᠢᠲᠦ ᠰᠢᠢᠳᠪᠦᠷᠢᠯᠡᠬᠦ ᠲᠣᠭᠲᠠᠴᠠ ᠶᠢ ᠪᠦᠷᠢᠯᠳᠦᠭᠦᠯᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ ᠥᠭᠴᠦ᠂ ᠵᠠᠬᠢᠶᠠᠯᠠᠭ᠎ᠠ ᠣᠯᠵᠤ ᠥᠭᠴᠦ᠂ ᠬᠠᠷᠢᠯᠴᠠᠨ ᠬᠡᠷᠡᠭᠴᠡᠭᠡ ᠲᠠᠢ ᠺᠤᠮᠫᠠᠨᠢ ᠶᠢ ᠠᠯᠢ ᠲᠦᠷᠭᠡᠨ ᠢᠶᠠᠷ ᠬᠤᠷᠰᠢᠯᠴᠠᠭᠤᠯᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠨᠢᠭᠡ ᠴᠢᠳᠠᠪᠤᠷᠢᠲᠠᠨ ᠢ ᠣᠷᠣᠭᠤᠯᠤᠨ ᠠᠪᠴᠢᠷᠠᠪᠠᠯ᠂ ᠨᠢᠭᠡ ᠪᠦᠯᠭᠦᠮ ᠢ ᠴᠤᠭᠯᠠᠷᠠᠭᠤᠯᠵᠤ᠂ ᠨᠢᠭᠡ ᠪᠦᠯᠦᠭ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃
      ᠪᠦᠦ ᠭᠠᠩ᠂ ᠪᠦᠦ ᠰᠢᠶᠠᠨ ᠬᠤᠸᠠ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ