ᠡᠨᠡ ᠵᠢᠯ ᠮᠠᠨ ᠤ ᠣᠷᠣᠨ 3168 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2023/2/6

      2 ᠳ᠋ᠤᠭᠠᠷ ᠰᠠᠷ᠎ᠠ ᠶᠢᠨ 4 ᠤ ᠡᠳᠦᠷ ᠬᠤᠷᠠᠯᠳᠤᠭᠤᠯᠤᠭᠰᠠᠨ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠧᠯᠸᠢᠰ ᠤᠲᠠᠰᠤᠲᠤ ᠬᠤᠷᠠᠯ ᠠᠴᠠ ᠣᠶᠢᠯᠠᠭᠠᠭᠰᠠᠨ ᠢᠶᠠᠷ ᠂ ᠡᠨᠡ ᠵᠢᠯ ᠮᠠᠨ ᠤ ᠣᠷᠣᠨ ᠵᠠᠰᠠᠭ ᠤᠨ ᠣᠷᠳᠣᠨ 5000 ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ ᠂ ᠠᠵᠤ ᠠᠬᠤᠶᠢᠯᠠᠯ  ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ 3168 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ ᠪᠡᠯᠡ ᠣᠷᠣᠭᠤᠯᠤᠯᠲᠠ ᠨᠢ 3.2 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ ᠂  ᠪᠥᠬᠦ ᠵᠢᠯ ᠳᠤ 7739 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠂ ᠨᠢᠳᠤᠨᠤᠨ ᠤ ᠬᠢ ᠠᠴᠠ 1403 ᠳ᠋ᠦᠩᠰᠢᠭᠤᠷ ᠲᠥᠭᠦᠷᠢᠭ ᠨᠡᠮᠡᠭᠳᠡᠪᠡ ᠃ ᠡᠭᠦᠨ ᠳᠤ᠄ ᠨᠡᠶᠢᠲᠡ ᠪᠡᠯᠡ ᠣᠷᠣᠭᠤᠯᠤᠯᠲᠠ ᠨᠢ 100 ᠳ᠋ᠦᠩᠰᠢᠭᠤᠷ ᠲᠥᠭᠦᠷᠢᠭ ᠵᠢᠴᠢ ᠳᠡᠭᠡᠭᠰᠢᠬᠢ ᠲᠥᠷᠥᠯ ᠵᠦᠢᠯ 52 ᠪᠠᠶᠢᠵᠤ᠂ ᠨᠢᠳᠤᠨᠤᠨ ᠤ ᠬᠢ ᠠᠴᠠ 11 ᠨᠡᠮᠡᠭᠳᠡᠵᠡᠢ︔ 50 ᠳ᠋ᠦᠩᠰᠢᠭᠤᠷ ᠲᠥᠭᠦᠷᠢᠭ ᠠᠴᠠ 100 ᠳ᠋ᠦᠩᠰᠢᠭᠤᠷ ᠲᠥᠭᠦᠷᠢᠭ ᠤᠨ ᠲᠥᠷᠥᠯ ᠵᠦᠢᠯ 98 ᠪᠠᠶᠢᠵᠤ᠂ ᠨᠢᠳᠤᠨᠤᠨ ᠤ ᠬᠢ ᠠᠴᠠ 45 ᠨᠡᠮᠡᠭᠳᠡᠪᠡ ᠃

      ᠪᠡᠯᠡ ᠣᠷᠣᠭᠤᠯᠤᠯᠲᠠ ᠶᠢᠨ ᠲᠥᠷᠥᠯ ᠠᠩᠭᠢᠯᠠᠯ ᠠᠴᠠ ᠦᠵᠡᠪᠡᠯ᠂ ᠡᠨᠡ ᠵᠢᠯ ᠤᠨ ᠮᠠᠨ ᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ 1077 ᠪᠠᠶᠢᠵᠤ᠂  ᠪᠥᠬᠦ ᠵᠢᠯ ᠳᠤ 1364 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ 166 ᠳ᠋ᠦᠩᠰᠢᠭᠤᠷ ᠲᠥᠭᠦᠷᠢᠭ ᠨᠡᠮᠡᠭᠳᠡᠪᠡ ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 2091 ᠪᠠᠶᠢᠵᠤ᠂ ᠪᠥᠬᠦ ᠵᠢᠯ ᠳᠤ 6375 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ 1237 ᠳ᠋ᠦᠩᠰᠢᠭᠤᠷ ᠲᠥᠭᠦᠷᠢᠭ ᠨᠡᠮᠡᠭᠳᠡᠵᠡᠢ ᠃ ᠬᠤᠶᠠᠷ ᠲᠦᠷᠦᠯ ᠤᠨ ᠲᠥᠷᠥᠯ ᠵᠦᠢᠯ ᠤᠨ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠴᠥᠮ ᠲᠣᠭᠲᠠᠭᠤᠨ ᠢᠶᠠᠷ ᠨᠡᠮᠡᠭᠳᠡᠪᠡ ᠃

      ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠠᠴᠠ ᠦᠵᠡᠪᠡᠯ᠂ ᠡᠨᠡ ᠵᠢᠯ ᠤᠨ ᠮᠠᠨ ᠤ ᠣᠷᠣᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ  1592 ᠪᠠᠶᠢᠵᠤ ᠂ ᠪᠥᠬᠦ ᠵᠢᠯ ᠳᠤ 4118 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠂ ᠨᠢᠳᠤᠨᠤᠨ ᠤ ᠬᠢ ᠠᠴᠠ 875 ᠳ᠋ᠦᠩᠰᠢᠭᠤᠷ ᠲᠥᠭᠦᠷᠢᠭ ᠨᠡᠮᠡᠭᠳᠡᠪᠡ᠃ ᠦᠷᠭᠦᠯᠵᠢᠯᠡᠨ ᠪᠠᠶᠢᠭᠤᠯᠬᠤ ᠪᠡᠯᠡ ᠣᠷᠣᠭᠤᠯᠤᠯᠲᠠ ᠶᠢᠨ ᠲᠥᠷᠥᠯ ᠵᠦᠢᠯ 1576 ᠪᠠᠶᠢᠵᠤ ᠂ ᠪᠥᠬᠦ ᠵᠢᠯ ᠳᠤ 3621 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ 528 ᠳ᠋ᠦᠩᠰᠢᠭᠤᠷ ᠲᠥᠭᠦᠷᠢᠭ ᠨᠡᠮᠡᠭᠳᠡᠵᠡᠢ ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠨᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠠᠴᠠ ᠳᠠᠪᠠᠭᠰᠠᠨ ᠪᠠᠶᠢᠨ᠎ᠠ ᠃

      ᠬᠠᠮᠤᠭ ᠤᠨ ᠰᠢᠨ᠎ᠡ ᠲᠣᠬᠢᠷᠠᠭᠤᠯᠤᠯᠲᠠ ᠠᠴᠠ ᠦᠵᠡᠪᠡᠯ᠄ 1 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ 234.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ  ᠪᠡᠶᠡᠯᠡᠭᠦᠯᠪᠡ᠃ ᠪᠥᠬᠦ ᠣᠷᠣᠨ ᠤ ᠬᠡᠪᠴᠢᠶᠡᠨ ᠳᠤ ︽ ᠢᠴᠡᠭᠡᠯᠡᠬᠦ ᠡᠪᠦᠯ ︾ ᠢ ︽ᠶᠠᠭᠠᠷᠠᠯᠲᠠᠢ ᠡᠪᠦᠯ︾ ᠪᠣᠯᠭᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠤᠷᠢᠳᠴᠢᠯᠠᠨ ᠦᠢᠯᠡᠴᠢᠯᠡᠵᠦ ᠂ ᠡᠯ᠎ᠡ ᠱᠠᠲᠤᠨ ᠤ ᠬᠢᠨᠠᠨ ᠵᠥᠪᠰᠢᠶᠡᠷᠡᠬᠦ ᠠᠵᠢᠯᠲᠠᠳ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠭᠠᠷ ᠭᠦᠢᠴᠡᠳᠬᠡᠯ ᠬᠢᠵᠦ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ᠃ 1 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠰᠢᠨ᠎ᠡ ᠪᠠᠷ ᠪᠠᠶᠢᠭᠤᠯᠬᠤ 1592 ᠴᠢᠬᠤᠯᠠ ᠶᠡᠭᠡ ᠲᠥᠷᠥᠯ ᠵᠦᠢᠯ ᠤᠨ ᠳᠣᠲᠣᠷ᠎ᠠ ᠨᠢᠭᠡᠨᠲᠡ 972 ᠲᠥᠷᠥᠯ ᠵᠦᠢᠯ ᠢ ᠭᠦᠢᠴᠡᠳᠬᠡᠨ ᠳᠠᠭᠤᠰᠬᠠᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 61%  ᠳᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 31 ᠵᠠᠭᠤᠨ ᠤ ᠴᠡᠭ ᠳᠡᠭᠡᠭᠰᠢᠯᠡᠵᠡᠢ᠃

 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ