ᠥᠪᠥᠷ ᠮᠣᠩᠭᠤᠯ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠᠷ ᠪᠣᠶ
ᠨᠡᠶᠢᠲᠡᠯᠡᠭᠰᠡᠨ ᠴᠠᠭ᠄
2023/2/7

      ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠠᠴᠠ ᠣᠶᠢᠯᠠᠭᠠᠭᠰᠠᠨ ᠢᠶᠠᠷ᠂ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠲᠣᠬᠢᠷᠠᠭᠤᠯᠤᠯᠲᠠ ᠶᠣᠰᠣᠭᠠᠷ᠂ ᠡᠨᠡ ᠵᠢᠯ ᠠᠴᠠ ᠡᠬᠢᠯᠡᠨ᠂ ᠪᠥᠬᠦ ᠣᠷᠣᠨ ᠤ ᠡᠯ᠎ᠡ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ︽ᠤᠳᠤᠷᠢᠳᠤᠯᠭ᠎ᠠ ᠪᠠᠨ ᠴᠢᠩᠭᠠᠳᠬᠠᠬᠤ᠂ ᠲᠤᠰᠬᠠᠢ ᠠᠩᠭᠢ ᠪᠠᠶᠢᠭᠤᠯᠬᠤ᠂ ᠬᠠᠷᠠᠯᠲᠠ ᠪᠠᠨ ᠲᠣᠳᠣᠷᠬᠠᠶᠢᠯᠠᠬᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ᠂ ᠵᠢᠯ ᠳᠠᠷᠠᠭᠠᠯᠠᠨ ᠠᠬᠢᠭᠤᠯᠬᠤ᠂ ᠦᠷᠭᠦᠯᠵᠢᠯᠡᠨ ᠬᠦᠴᠦᠯᠡᠨ ᠴᠢᠷᠮᠠᠶᠢᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠᠷ ᠪᠣᠢ᠃

      ᠣᠶᠢᠯᠠᠭᠠᠭᠰᠠᠨ ᠢᠶᠠᠷ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠬᠤ ᠨᠢ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤ ᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠠᠰᠠᠭᠤᠳᠠᠯ ᠴᠣᠬᠤᠶᠢᠮᠠᠭᠴᠠ ᠰᠢᠢᠳᠪᠦᠷᠢᠯᠡᠬᠦ ᠶᠠᠪᠤᠳᠠᠯ ᠪᠣᠯᠣᠨ᠎ᠠ᠃ ᠬᠤᠶᠢᠰᠢᠳᠠ ᠶᠢᠨ ᠭᠤᠷᠪᠠᠨ ᠵᠢᠯ ᠳᠤ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠬᠢᠨ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠮᠠᠯ ᠬᠤᠭᠤᠴᠠᠭ᠎ᠠ ᠲᠠᠢ ᠪᠠᠷ ᠵᠠᠬᠢᠳᠠᠯ ᠰᠤᠷᠪᠤᠯᠵᠢᠯᠠᠯ ᠤᠨ ᠠᠵᠢᠯ ᠢ ᠰᠤᠳᠤᠯᠬᠤ ᠲᠣᠭᠲᠠᠴᠠ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠯ ᠢ ᠭᠥᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠬᠢᠨᠠᠨ ᠰᠢᠯᠭᠠᠵᠤ ᠦᠨᠡᠯᠡᠬᠦ ᠪᠠ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠵᠡᠷᠭᠡ ᠳᠦᠷᠢᠮ ᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠢ︔ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠥᠨᠳᠥᠷ ᠪᠦᠲᠦᠮᠵᠢᠲᠡᠶ ᠠᠵᠢᠯᠯᠠᠭᠠᠨ ᠢ ᠶᠡᠭᠡ ᠪᠠᠷ ᠠᠬᠢᠭᠤᠯᠵᠤ᠂ ᠡᠬᠢ ᠪᠠᠶᠠᠯᠢᠭ ᠢ ᠨᠡᠶᠢᠳᠬᠡᠵᠦ ᠣᠯᠠᠨ ᠡᠰᠢᠵᠢᠭᠦᠯᠦᠨ ᠵᠥᠷᠢᠴᠡᠯ ᠢ ᠰᠢᠢᠳᠪᠦᠷᠢᠯᠡᠬᠦ ᠬᠡᠷᠡᠭᠲᠡᠢ︔ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠤᠨ ᠲᠤᠷᠰᠢᠯᠲᠠ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ᠣᠷᠣᠯᠠᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠥᠷᠨᠢᠭᠦᠯᠵᠦ᠂ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠴᠣᠩᠬᠤᠪᠴᠢ ᠶᠢ ᠦᠨᠳᠦᠰᠦᠨ ᠱᠠᠲᠤᠨ ᠳᠤ ᠰᠢᠯᠵᠢᠭᠦᠯᠬᠦ ᠶᠢ ᠪᠡᠶᠡᠯᠡᠭᠦᠯᠵᠦ᠂ ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠤᠯᠠᠨ ᠲᠦᠮᠡᠨ ᠢ ᠣᠷᠣᠯᠠᠨ ᠭᠦᠢᠴᠡᠳᠬᠡᠬᠦ ᠪᠣᠯᠭᠠᠨ ᠬᠤᠪᠢᠷᠠᠭᠤᠯᠵᠤ᠂ ᠵᠥᠷᠢᠴᠡᠯ ᠢ ᠰᠠᠨᠠᠭᠠᠴᠢᠯᠠᠭᠠᠲᠤ ᠪᠤᠰᠤ ᠪᠠᠷ ᠰᠢᠢᠳᠪᠦᠷᠢᠯᠡᠬᠦ ᠶᠢ ᠰᠠᠨᠠᠭᠠᠴᠢᠯᠠᠭ᠎ᠠ ᠲᠠᠢ ᠪᠠᠷ ᠰᠢᠢᠳᠪᠦᠷᠢᠯᠡᠬᠦ ᠪᠣᠯᠭᠠᠨ ᠬᠤᠪᠢᠷᠠᠭᠤᠯᠵᠤ᠂ ᠵᠠᠬᠢᠳᠠᠯ ᠰᠤᠷᠪᠤᠯᠵᠢᠯᠠᠯ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢᠨ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠬᠡᠷᠡᠭᠲᠡᠢ︔ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠶᠢ ᠨᠠᠩ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠨᠠᠩ ᠪᠣᠳᠠᠲᠠᠢ ᠰᠤᠷᠲᠠᠯ ᠢᠶᠠᠷ ︽ᠶᠡᠭᠡ ᠪᠠᠷ ᠰᠢᠮᠳᠠᠭᠤᠯᠤᠨ ᠪᠠᠶᠢᠴᠠᠭᠠᠬᠤ ᠶᠡᠭᠡ ᠪᠠᠷ ᠰᠤᠷᠪᠤᠯᠵᠢᠯᠠᠯ ᠢ ᠬᠦᠯᠢᠶᠡᠬᠦ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ