2021 ᠣᠨ ᠤ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠦᠯ ᠤᠨ ᠹᠢᠯᠢᠮ ᠤᠨ ᠢᠯᠡᠴᠢᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/2/7
      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︽2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠦᠯ ᠤᠨ ᠹᠢᠯᠢᠮ ᠤᠨ ᠢᠯᠡᠴᠢᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ﹇2022﹈ 1041 ᠳ᠋ᠦ᠋ᠭᠡᠷ ᠲᠣᠭᠠᠲᠤ︶ ᠪᠠ ︽2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠦᠯ ᠤᠨ ᠹᠢᠯᠢᠮ ᠤᠨ ᠢᠯᠡᠴᠢᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ᠥᠰᠥᠭ ﹇2022﹈ 1286 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠢᠨᠠᠨ ᠪᠠᠶᠢᠴᠠᠭᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠦᠷᠦᠭᠦᠯᠡᠨ ᠬᠢᠨᠠᠨ ᠬᠠᠮᠢᠶᠠᠷᠴᠤ ᠪᠠᠶᠢᠭ᠎ᠠ ︽ᠥᠪᠥᠷ ᠮᠣᠩᠭᠤᠯ ᠤᠨ ᠸᠠᠨ ᠴᠧᠨ ᠡᠨᠧᠷᠭᠢ ᠶᠢᠨ ᠰᠤᠷᠪᠤᠯᠵᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠴᠢᠶᠠᠨ ᠹᠧᠩ ᠱᠦᠢᠨᠢ ᠴᠣᠬᠤᠢ ᠶᠢᠨ ᠴᠢᠯᠠᠭᠤᠨ ᠤ ᠠᠭᠤᠷᠬᠠᠢ ᠶᠢᠨ ︿ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠬᠠᠢ ᠶᠢᠨ ᠬᠡᠪᠴᠢᠶᠡᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠨ ᠭᠠᠷᠭᠠᠬᠤ ᠲᠥᠰᠥᠯ﹀ ᠤᠨ ᠱᠠᠭᠠᠷᠳᠠᠯᠭ᠎ᠠ ᠶᠣᠰᠣᠭᠠᠷ ᠬᠠᠮᠠᠭᠠᠯᠠᠯᠲᠠ ᠶᠢᠨ ᠣᠷᠣᠨ ᠠᠴᠠ ᠪᠦᠬᠦ ᠲᠠᠯ᠎ᠠ ᠪᠠᠷ ᠪᠤᠴᠠᠭᠠᠨ ᠭᠠᠷᠭᠠᠭᠰᠠᠨ ᠦᠭᠡᠢ᠂ ᠮᠥᠨ ᠯᠡ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ᠂ ᠠᠮᠢ ᠠᠬᠤᠢ ᠶᠢ ᠰᠡᠷᠭᠦᠭᠡᠬᠦ ᠠᠵᠢᠯ ᠢ ᠴᠤ ᠪᠣᠳᠠᠲᠠᠶᠢᠵᠢᠭᠤᠯᠤᠭᠰᠠᠨ ᠦᠭᠡᠢ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠨᠢ ᠳ᠋ᠤᠭᠠᠷ ᠢ ᠬᠠᠰᠤᠬᠤ ᠨᠥᠬᠦᠴᠡᠯ ᠳᠤ ᠨᠡᠶᠢᠴᠡᠵᠡᠢ᠃ ᠡᠳᠦᠭᠡ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠡᠶᠢᠲᠡ ᠳᠤ ᠵᠠᠷᠯᠠᠪᠠ᠃      ᠵᠠᠷᠯᠠᠬᠤ ᠴᠠᠭ 2023 ᠣᠨ ᠤ 2 ᠳ᠋ᠤᠭᠠᠷ ᠰᠠᠷ᠎ᠠ ᠶᠢᠨ 6 ᠤ ᠡᠳᠦᠷ ᠠᠴᠠ 2023 ᠣᠨ ᠤ 2 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠃      ᠵᠠᠷᠯᠠᠯ ᠢ ᠭᠥᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠬᠠᠷᠢᠯᠴᠠᠬᠤ ᠤᠲᠠᠰᠤ᠄ 0471-4215834      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ 11 ᠳ᠋ᠦ᠋ᠭᠡᠷ ᠲᠣᠭᠠᠲᠤ      ᠰᠢᠤᠳᠠᠨ ᠳ᠋ᠤᠭᠠᠷ᠄ 010010      ᠳᠠᠭᠠᠯᠳᠤᠭᠤᠯᠤᠯ᠄ 2021 ᠣᠨ ᠤ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠦᠯ ᠤᠨ ᠹᠢᠯᠢᠮ ᠤᠨ ᠢᠯᠡᠴᠢᠯᠡᠭᠰᠡᠨ ᠠᠰᠠᠭᠤᠳᠠᠯ ᠤᠨ ᠳ᠋ᠤᠭᠠᠷ ᠢ ᠬᠠᠰᠤᠬᠤ ᠵᠠᠷᠯᠠᠯ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ