ᠣᠷᠳᠣᠰ ᠬᠤᠲᠠ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/2/7

      2022 ︱ 2023 ᠣᠨ ᠤ ᠣᠷᠳᠣᠰ ᠬᠤᠲᠠ ᠶᠢᠨ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠬᠤᠲᠠ ᠬᠤᠰᠢᠭᠤ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ᠂ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ 3148.05 ᠲᠦᠮᠡᠨ ᠲᠥᠭᠦᠷᠢᠭ ᠤᠨ ᠪᠡᠯᠡ ᠮᠥᠩᠭᠦ᠂ ᠬᠤᠲᠠ ᠶᠢᠨ ᠲᠣᠰ ᠱᠠᠲᠤᠨ ᠠᠴᠠ 200 ᠲᠦᠮᠡᠨ ᠲᠥᠭᠦᠷᠢᠭ ᠲᠣᠬᠢᠷᠠᠭᠤᠯᠤᠨ᠂ ᠬᠤᠰᠢᠭᠤ ᠲᠣᠭᠤᠷᠢᠭ ᠠᠴᠠ 82 ᠲᠦᠮᠡᠨ ᠲᠥᠭᠦᠷᠢᠭ ᠲᠣᠬᠢᠷᠠᠭᠤᠯᠵᠤ᠂ ᠨᠡᠶᠢᠲᠡ 3430.05 ᠲᠦᠮᠡᠨ ᠲᠥᠭᠦᠷᠢᠭ ᠪᠡᠯᠡ ᠮᠥᠩᠭᠦ ᠴᠤᠭᠯᠠᠭᠤᠯᠤᠨ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠳᠤ ᠲᠤᠰᠬᠠᠢ ᠬᠡᠷᠡᠭᠯᠡᠪᠡ᠃ ᠣᠲᠣ ᠪᠣᠯᠲᠠᠯ᠎ᠠ᠂ ︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠰᠢᠰᠲ᠋ᠧᠮ ᠢᠶᠠᠷ ᠳᠠᠮᠵᠢᠭᠤᠯᠤᠨ ᠪᠦᠬᠦᠨ ᠢ ᠠᠪᠤᠷᠠᠨ ᠲᠤᠰᠠᠯᠠᠬᠤ ᠴᠢᠬᠤᠯᠠᠲᠠᠢ 177090 ᠡᠲᠡᠭᠡᠳ ᠲᠤ ᠲᠠᠷᠬᠠᠭᠠᠭᠰᠠᠨ ᠪᠠᠶᠢᠨ᠎ᠠ᠃
      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠭᠠᠮᠰᠢᠭ ᠠᠴᠠ ᠠᠪᠤᠷᠠᠬᠤ ᠲᠤᠰᠬᠠᠢ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠵᠢᠴᠢ ᠡᠯ᠎ᠡ ᠬᠤᠰᠢᠭᠤ ᠲᠣᠭᠤᠷᠢᠭ ᠤᠨ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠠᠪᠤᠷᠠᠨ ᠲᠤᠰᠠᠯᠠᠬᠤ ᠴᠢᠬᠤᠯᠠᠲᠠᠢ ᠪᠠᠶᠢᠳᠠᠯ ᠢ ᠦᠨᠳᠦᠰᠦᠯᠡᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠰᠤᠳᠤᠯᠤᠨ ᠲᠣᠭᠲᠠᠭᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠡᠯ᠎ᠡ ᠬᠤᠯᠪᠣᠭᠳᠠᠯ ᠪᠦᠬᠦᠢ ᠬᠤᠰᠢᠭᠤ ᠲᠣᠭᠤᠷᠢᠭ ᠲᠤ ᠴᠠᠭ ᠲᠤᠬᠠᠢ ᠳᠤ ᠨᠢ ᠲᠠᠷᠬᠠᠭᠠᠨ ᠥᠭᠴᠦ᠂ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠥᠷᠨᠢᠭᠦᠯᠵᠦ᠂ ᠬᠤᠰᠢᠭᠤ ᠲᠣᠭᠤᠷᠢᠭ ᠢ ᠲᠣᠬᠢᠷᠠᠭᠤᠯᠤᠨ ᠪᠡᠯᠡ ᠮᠥᠩᠭᠦ ᠲᠠᠷᠬᠠᠭᠠᠨ ᠥᠭᠬᠦ ᠠᠬᠢᠴᠠ ᠶᠢ ᠲᠦᠷᠭᠡᠳᠬᠡᠵᠦ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃
      ᠬᠤᠶᠠᠷ ᠲᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠪᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ︽ᠡᠷᠦᠬᠡ ᠠᠴᠠ ᠭᠤᠶᠤᠴᠢᠯᠠᠬᠤ᠂ ᠲᠣᠰᠬᠤᠨ ᠠᠴᠠ ᠦᠨᠡᠯᠡᠬᠦ᠂ ᠰᠢᠶᠠᠩ ᠠᠴᠠ ᠬᠢᠨᠠᠨ ᠪᠠᠶᠢᠴᠠᠭᠠᠬᠤ᠂ ᠰᠢᠶᠠᠨ ᠠᠴᠠ ᠲᠣᠭᠲᠠᠭᠠᠬᠤ︾ ᠲᠠᠷᠬᠠᠭᠠᠬᠤ ᠴᠤᠪᠤᠷᠠᠯ ᠶᠣᠰᠣᠭᠠᠷ᠂ ᠬᠤᠰᠢᠭᠤ ᠲᠣᠭᠤᠷᠢᠭ ᠢ ᠵᠢᠯᠣᠭᠤᠳᠤᠨ ᠣᠯᠭᠤᠬᠤ ᠡᠲᠡᠭᠡᠳ ᠢ ᠨᠠᠷᠢᠯᠢᠭ ᠣᠨᠣᠴᠠᠲᠠᠢ ᠪᠠᠷ ᠲᠣᠭᠲᠠᠭᠠᠵᠤ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠯᠡ ᠮᠥᠩᠭᠦ ᠣᠯᠭᠤᠬᠤ ᠲᠠᠰ ᠳᠠᠷᠠᠭᠠᠯᠠᠯ ᠢ ᠵᠢᠷᠤᠮᠵᠢᠭᠤᠯᠪᠠ᠃ ᠬᠤᠲᠠ᠂ ᠬᠤᠰᠢᠭᠤ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠮᠲᠤᠷᠠᠨ 11 ᠠᠵᠢᠯᠯᠠᠬᠤ ᠳᠤᠭᠤᠶᠢᠯᠠᠩ ᠪᠠᠶᠢᠭᠤᠯᠵᠤ᠂ ︽ᠳᠥᠷᠪᠡ ᠶᠢ ᠬᠢᠬᠦ ᠦᠭᠡᠢ ᠬᠤᠶᠠᠷ ᠢ ᠰᠢᠭᠤᠳ ᠭᠦᠢᠴᠡᠳᠬᠡᠬᠦ︾ ᠠᠷᠭ᠎ᠠ ᠮᠠᠶ᠋ᠢᠭ ᠢᠶᠠᠷ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠪᠠ ᠲᠤᠬᠠᠢ ᠶᠢᠨ ᠭᠠᠵᠠᠷ ᠲᠤ ᠨᠢ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢ ᠵᠢᠭᠠᠵᠤ ᠭᠠᠷᠭᠠᠬᠤ ᠶᠢᠨ ᠬᠠᠮᠲᠤ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠪᠠ᠃
      ᠭᠤᠷᠪᠠ ᠳᠤ᠂ ᠤᠨᠢᠨ ᠳᠡᠭᠡᠷ᠎ᠡ ᠨᠢ ᠦᠢᠯᠡᠴᠢᠯᠡᠬᠦ ᠶᠢ ᠴᠢᠩᠭᠠᠳᠬᠠᠪᠠ᠃ ᠣᠲᠤᠭ ᠬᠤᠰᠢᠭᠤᠨ ᠤ ᠬᠢᠨ ᠶᠠᠪᠤᠵᠤ ᠰᠠᠭᠤᠬᠤ ᠳᠤ ᠳᠥᠭᠦᠮ ᠦᠭᠡᠢ᠂ ᠶᠠᠪᠤᠵᠤ ᠰᠠᠭᠤᠬᠤ ᠳᠤ ᠬᠦᠴᠢᠷᠳᠡᠯᠲᠡᠢ ᠣᠯᠠᠨ ᠲᠦᠮᠡᠨ ᠳᠤ ᠬᠠᠨᠳᠤᠭᠤᠯᠤᠨ᠂ ᠣᠲᠤᠭ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠲᠤᠬᠠᠶᠢᠯᠠᠭᠰᠠᠨ ᠠᠵᠢᠯ ᠤᠨ ᠨᠡᠭᠦᠳᠡᠯ ᠲᠡᠷᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠭᠡᠷ ᠲᠤ ᠨᠢ ᠬᠦᠷᠴᠦ ᠦᠢᠯᠡᠴᠢᠯᠡᠭᠡ ᠬᠠᠩᠭᠠᠵᠤ᠂ ᠭᠠᠮᠰᠢᠭᠳᠠᠭᠰᠠᠨ ᠣᠯᠠᠨ ᠲᠦᠮᠡᠨ ᠳᠤ

︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠰᠢᠰᠲ᠋ᠧᠮ ᠢ ᠬᠥᠭᠵᠢᠭᠡᠨ ᠭᠦᠢᠯᠭᠡᠭᠡᠬᠦ ᠠᠵᠢᠯ ᠢ ᠪᠡᠶᠡᠯᠡᠭᠦᠯᠪᠡ︔ ᠳᠠᠯᠠᠳ ᠬᠤᠰᠢᠭᠤᠨ ᠳᠤ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠠᠴᠠ ᠨᠢᠭᠡᠳᠦᠯᠲᠡᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠰᠢᠰᠲ᠋ᠧᠮ ᠢᠶᠠᠷ ᠳᠠᠮᠵᠢᠭᠤᠯᠤᠨ ᠲᠥᠪᠯᠡᠷᠡᠭᠦᠯᠦᠨ ᠲᠠᠷᠬᠠᠭᠠᠵᠤ᠂ ᠠᠪᠤᠷᠠᠨ ᠲᠤᠰᠠᠯᠠᠬᠤ ᠡᠲᠡᠭᠡᠳ ᠤᠨ ᠭᠠᠷ ᠲᠤ ᠰᠢᠭᠤᠳ ᠬᠦᠷᠭᠡᠵᠦ᠂ ᠲᠠᠷᠬᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠷ ᠳᠡᠮᠵᠢᠨ᠂ ᠪᠡᠯᠡ ᠮᠥᠩᠭᠦ ᠲᠠᠷᠬᠠᠭᠠᠬᠤ ᠶᠠᠪᠤᠴᠠ ᠶᠢᠨ ᠢᠯᠡ ᠲᠣᠳᠣ᠂ ᠭᠠᠷᠳᠠᠮ ᠶᠢᠨ ᠪᠦᠷᠢᠨ ᠭᠦᠢᠴᠡᠳ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠵᠦ᠂ ᠳᠤᠯᠠᠭᠠᠨ ᠪᠦᠯᠢᠶᠡᠨ ᠰᠢᠨᠡᠯᠡᠬᠦ ᠶᠢ ᠦᠨᠡᠨ ᠬᠦ ᠪᠠᠲᠤᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ