|
ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠦᠢᠯᠡᠴᠢᠯᠡᠭᠡᠨ ᠤ ᠲᠠᠪᠤᠨ ᠶᠡᠭᠡ ᠡᠭᠦᠷᠭᠡ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ | ᠶᠠᠷᠢᠯᠴᠠᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ ᠢ ᠡᠷᠭᠢᠯᠡᠵᠡᠢ |
|
|
ᠨᠡᠶᠢᠲᠡᠯᠡᠭᠰᠡᠨ ᠴᠠᠭ᠄
2023/2/7
|
|
1 ᠳ᠋ᠦ᠋ᠭᠡᠷ ᠰᠠᠷ᠎ᠠ ᠶᠢᠨ 30 ᠤ ᠡᠳᠦᠷ ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠦᠢᠯᠡᠴᠢᠯᠡᠭᠡᠨ ᠤ ᠲᠠᠪᠤᠨ ᠶᠡᠭᠡ ᠡᠭᠦᠷᠭᠡ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠬᠤᠸᠠᠩ ᡁᠢ ᠴᠢᠶᠠᠩ ᠬᠡᠯᠡᠬᠦ ᠳᠤ ᠪᠠᠨ᠂ ᠨᠢᠳᠤᠨᠤᠨ ᠤ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠨᠢ ᠮᠥᠩᠭᠦᠨ ᠭᠦᠢᠯᠭᠡᠭᠡᠨ ᠤ ᠰᠢᠰᠲ᠋ᠧᠮ ᠤᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ ᠃ ᠡᠨᠡ ᠵᠢᠯ ᠥᠪᠥᠷ ᠮᠣᠩᠭᠤᠯ ᠶᠡᠭᠡ ᠪᠠᠷ ᠠᠵᠢᠯᠯᠠᠵᠤ ᠲᠦᠷᠭᠡᠨ ᠤᠷᠤᠭᠰᠢᠯᠠᠵᠤ ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠴᠢᠷᠮᠠᠶᠢᠨ ᠠᠵᠢᠯᠯᠠᠬᠤ ᠳᠤ ᠂ ᠮᠥᠩᠭᠦᠨ ᠭᠦᠢᠯᠭᠡᠭᠡᠨ ᠤ ᠰᠢᠰᠲ᠋ᠧᠮ ᠬᠦᠨᠳᠦ ᠡᠭᠦᠷᠭᠡ ᠶᠢ ᠡᠭᠦᠷᠭᠡᠯᠡᠵᠦ ᠂ ᠲᠡᠷᠢᠭᠦᠨ ᠤ ᠡᠩᠨᠡᠭᠡᠨ ᠳᠤ ᠭᠠᠪᠰᠢᠭᠠᠶᠢᠯᠠᠵᠦ ᠂ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠲᠠᠬᠢᠨ ᠥᠷᠭᠡᠳᠬᠡᠵᠦ ᠂ ᠪᠦᠲᠦᠴᠡ ᠶᠢ ᠲᠠᠬᠢᠨ ᠰᠢᠯᠢᠳᠡᠭᠵᠢᠭᠦᠯᠵᠦ ᠂ ᠥᠪᠡᠷ ᠤᠨ ᠦᠷᠳᠡᠭ ᠢ ᠲᠠᠬᠢᠨ ᠪᠠᠭᠤᠷᠠᠭᠤᠯᠵᠤ ᠂ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠬᠦ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠂ ᠨᠠᠶᠢᠳᠠᠪᠦᠷᠢ ᠮᠠᠭᠤᠲᠠᠢ ᠵᠢᠭᠡᠯᠡᠯᠭᠡ ᠶᠢ ᠪᠠᠭᠠᠰᠬᠠᠬᠤ ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠬᠦᠴᠦᠯᠡᠨ ᠴᠢᠷᠮᠠᠶᠢᠵᠤ ᠂ ᠳᠤᠲᠠᠭᠤᠳᠠᠯ ᠵᠥᠷᠢᠶ᠎ᠡ ᠪᠠᠨ ᠨᠥᠬᠦᠪᠦᠷᠢᠯᠡᠨ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠨᠡᠩ ᠤᠯᠠᠨ ︽ ᠡᠬᠢ ᠪᠠᠶᠠᠯᠢᠭ ︾ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠪᠦᠬᠦ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|