ᠮᠠᠨ ᠤ ᠣᠷᠣᠨ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠨᠡᠶᠢᠲᠡ 57493 ᠰᠠᠭᠤᠷᠢ ᠳᠡᠯᠭᠡᠷᠡᠭᠦᠯᠦᠨ ᠬᠡᠷᠡᠭᠯᠡᠪᠡ
ᠨᠡᠶᠢᠲᠡᠯᠡᠭᠰᠡᠨ ᠴᠠᠭ᠄
2023/2/8

      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ 2016 ᠣᠨ ᠠᠴᠠ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠬᠡᠪᠴᠢᠶᠡᠨ ᠳᠤ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠭᠰᠡᠨ ᠠᠴᠠ ᠨᠠᠭᠠᠰᠢ ᠂ 2023 ᠣᠨ ᠤ 1 ᠳ᠋ᠦ᠋ᠭᠡᠷ ᠰᠠᠷ᠎ᠠ ᠶᠢᠨ 31᠎ ᠤ ᠡᠳᠦᠷ ᠪᠣᠯᠲᠠᠯ᠎ᠠ᠂ ᠪᠥᠬᠦ ᠣᠷᠣᠨ ᠳᠤ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠨᠡᠶᠢᠲᠡ 57493 ᠰᠠᠭᠤᠷᠢ ᠳᠡᠯᠭᠡᠷᠡᠭᠦᠯᠦᠨ ᠬᠡᠷᠡᠭᠯᠡᠵᠦ ᠂ ᠨᠡᠶᠢᠲᠡ 17.71 ᠳ᠋ᠦᠩᠰᠢᠭᠤᠷ ᠺᠢᠯᠣᠮᠧᠲᠷ ᠠᠶᠠᠯᠠᠵᠤ᠂ ᠨᠡᠶᠢᠲᠡ 8.50 ᠳ᠋ᠦᠩᠰᠢᠭᠤᠷ ᠭᠷᠡᠳᠦ᠋ᠰ ᠴᠠᠬᠢᠯᠭᠠᠨ ᠴᠡᠨᠡᠭᠯᠡᠵᠦ᠂ ᠰᠢᠲᠠᠭᠠᠯᠭ᠎ᠠ ᠶᠢᠨ ᠲᠣᠰᠣ ᠶᠢ 2.21 ᠳ᠋ᠦᠩᠰᠢᠭᠤᠷ ᠯᠢᠲᠷ ᠣᠷᠣᠯᠠᠵᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 110.30 ᠲᠦᠮᠡᠨ ᠲᠣᠨ ᠪᠠᠭᠠᠰᠬᠠᠪᠠ ᠃

      ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤᠷᠢᠳ ᠬᠤᠵᠢᠳ ︽ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠬᠤ᠂ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠬᠢ ᠶᠢᠨ ᠮᠠᠰᠢᠨ ᠲᠡᠷᠭᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠮᠠᠨ ᠤ ᠣᠷᠣᠨ ᠤ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠳᠡᠯᠭᠡᠷᠡᠭᠦᠯᠦᠯᠲᠡ ᠢᠯᠡᠳᠲᠡ ᠦᠷ᠎ᠡ ᠪᠦᠲᠦᠮᠵᠢ ᠣᠯᠵᠤ᠂ ᠣᠨᠴᠠᠭᠠᠶᠢᠯᠠᠨ 2022 ᠣᠨ ᠳᠤ ᠨᠡᠶᠢᠲᠡ 29214  ᠰᠠᠭᠤᠷᠢ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠵᠦ ᠂ ᠠᠳᠠᠯᠢ ᠬᠤᠭᠤᠴᠠᠭᠠᠨ ᠤ ᠬᠢ ᠠᠴᠠ 196%᠎ ᠪᠠᠷ ᠨᠡᠮᠡᠭᠳᠡᠪᠡ᠃

      ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2023 ᠣᠨ ᠳᠤ᠂ ᠮᠠᠨ ᠤ ᠣᠷᠣᠨ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠠᠷᠢᠮᠵᠢᠶ᠎ᠠ ᠎ ᠠᠴᠠ ᠳᠣᠷᠣᠭᠰᠢᠬᠢ ᠴᠠᠶᠢᠶ᠋ᠢᠦ ᠲᠣᠰᠣᠨ ᠤ ᠬᠠᠭᠤᠴᠢᠨ ᠮᠠᠰᠢᠨ ᠲᠡᠷᠭᠡ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠮᠠᠰᠢᠨ ᠲᠡᠷᠭᠡ ᠠᠴᠠ ᠰᠢᠨ᠎ᠡ ᠡᠨᠧᠷᠬᠢ ᠶᠢᠨ ᠬᠦᠨᠳᠦ ᠳᠠᠭᠠᠭᠠᠴᠠ ᠶᠢᠨ ᠮᠠᠰᠢᠨ ᠬᠡᠷᠡᠭᠯᠡᠬᠦ ᠶᠢ ᠬᠥᠲᠥᠯᠥᠨ ᠵᠢᠯᠤᠭᠤᠳᠴᠤ ᠳᠡᠯᠭᠡᠷᠡᠭᠦᠯᠦᠨ᠎ᠡ᠂ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠳᠠᠬᠢ ᠰᠢᠨ᠎ᠡ ᠡᠨᠧᠷᠬᠢ ᠶᠢᠨ ᠮᠠᠰᠢᠨ ᠲᠡᠷᠭᠡ ᠶᠢᠨ ᠡᠵᠡᠯᠡᠬᠦ ᠬᠠᠷᠢᠴᠠᠯ ᠢ 85%᠎ ᠠᠴᠠ ᠳᠣᠣᠷ᠎ᠠ ᠦᠭᠡᠢ ᠪᠠᠶᠢᠯᠭᠠᠵᠤ ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ 1600 ᠰᠠᠭᠤᠷᠢ ᠠᠴᠠ ᠳᠣᠣᠷ᠎ᠠ ᠦᠭᠡᠢ ᠪᠠᠶᠢᠯᠭᠠᠬᠤ ᠪᠣᠯᠣᠨ᠎ᠠ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ