ᠪᠦᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠧᠯᠸᠢᠰ ᠤᠲᠠᠰᠤ ᠬᠤᠷᠠᠯ ᠬᠤᠷᠠᠯᠳᠤᠪᠠ  ᠬᠤᠸᠠᠩ ᡁᠢ ᠴᠢᠶᠠᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/2/8

      2 ᠰᠠᠷ᠎ᠠ ᠶᠢᠨ 4᠎ ᠤ ᠡᠳᠦᠷ᠂ ᠪᠦᠬᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠬᠤᠸᠠᠩ ᡁᠢ ᠴᠢᠶᠠᠩ᠂ ᠥᠪᠥᠷ ᠮᠣᠩᠭᠤᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ ᠬᠥᠷᠲᠡᠯ᠎ᠡ ᠰᠡᠷᠭᠦᠭᠡᠬᠦ ᠳᠤ ᠡᠷᠬᠡᠪᠰᠢ ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ ᠲᠦᠷᠭᠡᠳᠬᠡᠬᠦ ᠬᠡᠷᠡᠭᠲᠡᠢ᠃ ᠶᠡᠭᠡ ᠬᠥᠭᠵᠢᠯᠲᠡ ᠶᠢ ᠪᠡᠶᠡᠯᠡᠭᠦᠯᠬᠦ ᠳᠤ ᠶᠡᠭᠡ ᠪᠡᠯᠡ ᠣᠷᠣᠭᠤᠯᠤᠯᠲᠠ ᠪᠣᠯ ᠤᠷᠢᠲᠠᠯ ᠮᠥᠨ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠥ᠋ᠢ ᠪᠥ᠋ᠯᠭᠠᠵᠤ᠂ ᠶᠡᠭᠡ ᠪᠠᠷ ᠬᠢᠵᠦ ᠲᠦᠷᠭᠡᠨ ᠠᠵᠢᠯᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠶᠡᠭᠡ ᠪᠡᠯᠡ ᠣᠷᠣᠭᠤᠯᠤᠯᠲᠠ ᠶᠢ ᠪᠡᠶᠡᠯᠡᠭᠦᠯᠬᠦ ᠳᠤ ᠰᠠᠶᠢᠨ ᠡᠬᠢᠯᠡᠯᠲᠡ ᠲᠠᠢ ᠪᠠᠶᠢᠯᠭᠠᠬᠤ ᠪᠣᠯ ᠰᠠᠭᠤᠷᠢ ᠪᠣᠯᠣᠨ᠎ᠠ᠂ ︽ᠡᠪᠦᠯ ᠶᠠᠪᠤᠭᠳᠠᠬᠤ ᠢᠨᠵᠧᠨᠧᠷᠢᠩ︾᠎ ᠢ ᠰᠠᠶᠢᠲᠤᠷ ᠠᠳᠬᠤᠵᠤ᠂ ᠡᠮᠦᠨᠡᠬᠢ ᠬᠤᠭᠤᠴᠠᠭᠠᠨ ᠤ ᠭᠠᠷᠳᠠᠮ ᠢ ᠨᠢ ᠲᠦᠷᠭᠡᠨ ᠭᠦᠢᠴᠡᠳᠬᠡᠵᠦ᠂ ᠪᠠᠷᠢᠯᠭ᠎ᠠ ᠪᠠᠨ ᠡᠷᠲᠡ ᠡᠬᠢᠯᠡᠭᠦᠯᠵᠦ ᠲᠠᠶᠢᠯᠬᠦ ᠶᠢ ᠨᠢ ᠡᠷᠲᠡ ᠡᠬᠢᠯᠡᠭᠦᠯᠵᠦ᠂ ᠬᠤᠷᠳᠤᠴᠠ ᠪᠠᠨ ᠲᠦᠷᠭᠡᠳᠬᠡᠬᠦ ᠬᠡᠷᠡᠭᠲᠡᠢ᠃ ᠶᠡᠭᠡ ᠪᠡᠯᠡ ᠣᠷᠣᠭᠤᠯᠤᠯᠲᠠ ᠶᠢᠨ ᠡᠯᠧᠮᠧᠨ᠋ᠲ ᠤᠨ ᠪᠠᠲᠤᠯᠠᠭ᠎ᠠ ᠶᠢ ᠪᠣᠳᠠᠲᠠᠶᠢᠵᠢᠭᠤᠯᠵᠤ᠂ ᠡᠨᠧᠷᠭᠢ ᠶᠢᠨ ᠬᠤᠷᠣᠭᠳᠠᠯ᠂ ᠤᠰᠤ᠂ ᠪᠡᠯᠡ ᠮᠥᠩᠭᠦ ᠶᠢᠨ ᠪᠠᠲᠤᠯᠠᠪᠠᠯ ᠵᠤᠬᠢᠬᠤ ᠶᠢ ᠨᠢ ᠪᠦᠬᠦᠨ ᠢ ᠪᠠᠲᠤᠯᠠᠵᠤ᠂ ᠮᠥᠩᠭᠦᠨ ᠭᠦᠢᠯᠭᠡᠭᠡᠨ ᠤ ᠠᠮᠢᠳᠤᠯᠢᠭ ᠪᠠᠭᠠᠵᠢ ᠶᠢ ᠣᠶᠢᠯᠠᠭᠠᠨ ᠬᠡᠷᠡᠭᠯᠡᠵᠦ᠂ ᠲᠥᠷᠥᠯ ᠵᠦᠢᠯ ᠤᠨ ᠡᠷᠲᠡ ᠠᠵᠢᠯ ᠢᠶᠠᠨ ᠡᠬᠢᠯᠡᠭᠦᠯᠵᠦ᠂ ᠡᠷᠲᠡ ᠪᠦᠲᠦᠭᠡᠨ ᠪᠠᠶᠢᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠳᠡᠮᠵᠢᠬᠦ ᠬᠡᠷᠡᠭᠲᠡᠢ᠃ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠠᠷᠢᠯᠢᠭ ᠣᠨᠣᠪᠴᠢᠲᠠᠢ ᠲᠣᠬᠢᠷᠠᠭᠤᠯᠭ᠎ᠠ ᠡᠵᠡᠮᠳᠡᠯ ᠪᠣᠯ ᠬᠦᠰᠢᠭᠦᠷᠭᠡ ᠮᠥᠨ᠂ ᠪᠣᠰᠤᠭ᠎ᠠ ᠴᠣᠭᠴᠠᠲᠤ ᠲᠤᠬᠢᠷᠠᠭᠤᠯᠤᠯᠳᠠ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠪᠦᠬᠦ ᠵᠢᠯ ᠤᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ‌ᠵᠢ ᠬᠦᠴᠦᠲᠡᠢ ᠡᠬᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ