ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠪᠠ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠬᠠᠯᠠᠭᠤᠨ ᠥᠷᠨᠢᠯᠲᠡ ᠶᠢ ᠪᠤᠢ ᠪᠤᠯᠭᠠᠬᠤ ᠬᠡᠷᠡᠭᠲᠡᠢ  ᠸᠠᠩ ᠯᠢ ᠰᠢᠶᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠵᠢᠴᠢ ᠠᠷᠠᠳ ᠤᠨ ᠬᠤᠳᠠᠯᠳᠤᠭᠠᠴᠢᠳ ᠤᠨ ᠡᠪᠯᠡᠯ ᠤᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/8

      2 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠵᠢᠴᠢ ᠠᠷᠠᠳ ᠤᠨ ᠬᠤᠳᠠᠯᠳᠤᠭᠠᠴᠢᠳ ᠤᠨ ᠡᠪᠯᠡᠯ ᠤᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯᠲᠠᠳ ᠲᠠᠢ ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠪᠠ᠃ ᠲᠡᠷᠡ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ ᠬᠤᠪᠢᠷᠠᠭ᠎ᠠ ᠦᠭᠡᠢ᠂ ᠬᠤᠪᠢᠷᠠᠬᠤ ᠴᠤ ᠦᠭᠡᠢ᠂ ᠭᠤᠶᠢᠪᠢᠰᠢ ᠦᠭᠡᠢ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠭᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠬᠤᠪᠢᠷᠠᠭ᠎ᠠ ᠦᠭᠡᠢ᠂ ᠬᠤᠪᠢᠷᠠᠬᠤ ᠴᠤ ᠦᠭᠡᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠰᠠᠶᠢᠬᠠᠨ ᠣᠷᠴᠢᠨ ᠨᠥᠬᠦᠴᠡᠯ᠂ ᠨᠡᠩ ᠳᠥᠭᠦᠮ ᠦᠵᠡᠭᠦᠯᠭᠦ ᠦᠢᠯᠡᠴᠢᠯᠡᠭᠡ ᠬᠠᠩᠭᠠᠬᠤ ᠣᠪᠣᠷ ᠬᠤᠪᠢᠷᠠᠭ᠎ᠠ ᠦᠭᠡᠢ᠂ ᠬᠤᠪᠢᠷᠠᠬᠤ ᠴᠤ ᠦᠭᠡᠢ ᠶᠤᠮ᠂ ᠠᠵᠤ ᠠᠬᠤᠶᠢᠯᠠᠯᠲᠠᠳ ᠥᠪᠥᠷ ᠮᠣᠩᠭᠤᠯ ᠢᠶᠠᠨ ᠬᠠᠶᠢᠷᠠᠯᠠᠵᠤ᠂ ᠥᠪᠥᠷ ᠮᠣᠩᠭᠤᠯ ᠳᠠᠭᠠᠨ ᠠᠭᠤᠰᠤᠯᠴᠠᠵᠤ᠂ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ᠂ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠬᠠᠯᠠᠭᠤᠨ ᠥᠷᠨᠢᠯᠲᠡ ᠶᠢ ᠪᠤᠢ ᠪᠤᠯᠭᠠᠬᠤ ᠶᠢ ᠬᠦᠰᠡᠵᠦ ᠪᠠᠶᠢᠨ᠎ᠠ ᠭᠡᠪᠡ᠃
      ᠶᠠᠷᠢᠯᠴᠠᠬᠤ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠠᠴᠠ ᠢᠷᠠᠭᠤ ᠠᠯᠳᠠᠷ ᠤᠨ ᠴᠣᠯᠠ ᠣᠯᠣᠭᠰᠠᠨ ᠠᠵᠤ ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠳᠤ ᠦᠨᠡᠮᠯᠡᠯ ᠣᠯᠭᠤᠪᠠ᠃ ᠠᠷᠠᠳ ᠤᠨ ᠳᠤᠮᠳᠠᠬᠢ 13 ᠬᠤᠳᠠᠯᠳᠤᠭᠠᠴᠢᠳ ᠤᠨ ᠡᠪᠯᠡᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠯᠠᠨ ᠤ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠭᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃ ᠸᠠᠩ ᠯᠢ ᠰᠢᠶᠠ ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠰᠠᠭᠤᠳᠠᠯ ᠤᠨ ᠨᠠᠷᠢᠨ ᠲᠠᠩᠰᠠ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ᠲᠦᠷᠭᠡᠪᠴᠢᠯᠡᠨ ᠲᠣᠳᠣᠷᠬᠠᠢ ᠬᠠᠷᠢᠭᠤᠯᠲᠠ ᠥᠭᠴᠦ᠂ ᠮᠥᠷᠳᠡᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠵᠦ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
      ᠸᠠᠩ ᠯᠢ ᠰᠢᠶᠠ᠂ ᠪᠢᠳᠠ ᠠᠵᠤ ᠠᠬᠤᠶᠢᠯᠠᠯᠲᠠᠳ ᠲᠠᠢ ᠬᠠᠮᠲᠤ ᠪᠠᠷ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠥᠪᠥᠷ ᠮᠣᠩᠭᠤᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠳᠤᠮᠳᠠᠴᠢ ᠲᠦᠪᠰᠢᠨ ᠳᠤ ᠲᠠᠭᠢᠨ ᠪᠤᠴᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ 8 ᠶᠡᠭᠡ ᠠᠵᠤ ᠦᠢᠯᠡᠰ ᠤᠨ ᠪᠦᠯᠦᠭᠵᠢᠯ ᠪᠣᠯᠣᠨ 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠬᠤ ᠶᠢ ᠬᠦᠰᠡᠵᠦ ᠪᠠᠶᠢᠨ᠎ᠠ᠃ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠲᠤᠰ ᠭᠠᠵᠠᠷ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠭᠦ ᠪᠠᠷ ᠪᠠᠷᠠᠬᠤ ᠦᠭᠡᠢ ᠪᠠᠰᠠ ᠭᠠᠳᠠᠷ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ ᠲᠡᠳᠬᠦᠵᠦ᠂ ᠠᠷᠠᠳ ᠤᠨ ᠬᠤᠳᠠᠯᠳᠤᠭᠠᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠭᠠᠳᠠᠨ᠎ᠠ ᠪᠠᠶᠢᠭ᠎ᠠ ᠨᠡᠩ ᠤᠯᠠᠨ ︽ᠨᠤᠲᠤᠭ ᠨᠢᠭᠡᠲᠡᠳ︾ ᠪᠣᠯᠣᠨ ᠭᠠᠳᠠᠷ ᠣᠷᠣᠨ ᠤ ᠠᠵᠤ ᠠᠬᠤᠶᠢᠯᠠᠯᠲᠠᠳ ᠤᠨ ᠬᠠᠮᠲᠤ ᠪᠠᠷ ᠠᠵᠢᠯ ᠬᠢᠵᠦ ᠦᠢᠯᠡᠰ ᠪᠣᠰᠬᠠᠬᠤ ᠶᠢ ᠲᠠᠲᠠᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠬᠡᠯᠡᠪᠡᠯ ᠦᠭᠡ ᠭᠢᠰᠬᠢᠪᠡᠯ ᠭᠠᠵᠠᠷ᠂ ᠰᠢᠭᠤᠷᠬᠠᠶᠢᠯᠠᠵᠤ ᠣᠷᠣᠬᠤ ᠶᠣᠰᠣᠲᠠᠢ ᠦᠶ᠎ᠡ ᠳᠤᠨᠢ ᠤᠬᠳᠤ ᠲᠠᠲᠠᠭᠠᠯᠵᠠᠬᠤ ᠦᠭᠡᠢ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠶᠢ ᠪᠦᠭᠦ ᠰᠡᠳᠬᠢᠯ ᠪᠦᠭᠦ ᠬᠦᠴᠦᠨ ᠢᠶᠠᠷ ᠢᠶᠠᠨ ᠳᠡᠮᠵᠢᠭᠦ ᠬᠡᠷᠡᠭᠲᠡᠢ ᠭᠡᠪᠡ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠶᠠᠩ ᠶᠢᠨ᠂ ᠶᠠᠩ ᠵᠢᠶᠧ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ