ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/2/9

      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠤᠨ ᠲᠤᠬᠠᠢ ᠳᠣᠣᠷᠠᠬᠢ ᠮᠡᠲᠦ ᠵᠠᠷᠯᠠᠪᠠ᠃
      ᠢᠯᠡᠴᠢᠯᠡᠨ ᠮᠡᠳᠡᠭᠦᠯᠬᠦ ᠤᠲᠠᠰᠤ᠄ 0471 ︱ 12380
      ᠢᠯᠡᠴᠢᠯᠡᠨ ᠮᠡᠳᠡᠭᠦᠯᠬᠦ ᠰᠦᠯᠵᠢᠶᠡᠨ ᠤ ᠬᠠᠶ᠋ᠢᠭ᠄ http://nmgdj.gov.cn
      ᠵᠠᠬᠢᠳᠠᠯ ᠨᠡᠪᠲᠡᠷᠡᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠨᠣᠮᠧᠷ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠯᠠᠬᠤ ᠰᠢᠨ᠎ᠡ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠢᠯᠡᠴᠢᠯᠡᠨ ᠮᠡᠳᠡᠭᠦᠯᠬᠦ ᠲᠥᠪ ︵ᠰᠢᠤᠳᠠᠨ ᠳ᠋ᠤᠭᠠᠷ 010096︶
       ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠳᠡᠭᠡᠷᠡᠬᠢ ᠠᠷᠭ᠎ᠠ ᠮᠠᠶ᠋ᠢᠭ ᠢᠶᠠᠷ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠠᠰᠠᠭᠤᠳᠠᠯ ᠢ ᠲᠤᠰᠬᠠᠬᠤ ᠳᠤ ᠪᠠᠨ ᠪᠣᠳᠠᠲᠠᠢ ᠰᠦᠪᠡᠭᠴᠢ ᠵᠢᠴᠢ ᠥᠪᠡᠷ ᠤᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠨ᠎ᠠ᠃
      ᠣᠨᠴᠠᠭᠠᠶᠢᠯᠠᠨ ᠵᠠᠷᠯᠠᠪᠠ

                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
                              ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ
                              2023 ᠣᠨ ᠤ 1 ᠳ᠋ᠦ᠋ᠭᠡᠷ ᠰᠠᠷ᠎ᠠ ᠶᠢᠨ 10᠎ ᠤ ᠡᠳᠦᠷ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ