ᠰᠢ ᠶᠢᠨ ᠫᠢᠩ ᠢᠰᠫᠠᠨᠢ ᠶᠢᠨ ᠤᠯᠤᠰ ᠤᠨ ᠸᠠᠩ ᠹᠢᠯᠢᠫᠸᠢ ᠵᠢᠷᠭᠤᠳᠤᠭᠠᠷ ᠲᠠᠢ ᠳᠤᠮᠳᠠᠳᠤ ᠢᠰᠫᠠᠨᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/3/10

      3 ᠰᠠᠷ᠎ᠠ ᠶᠢᠨ 9᠎ ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠰᠫᠠᠨᠢ ᠶᠢᠨ ᠤᠯᠤᠰ ᠤᠨ ᠸᠠᠩ ᠹᠢᠯᠢᠫᠸᠢ ᠵᠢᠷᠭᠤᠳᠤᠭᠠᠷ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠪᠡ ᠃

      ᠰᠢ ᠶᠢᠨ ᠫᠢᠩ ᠂ ᠳᠤᠮᠳᠠᠳᠤ ᠤᠯᠤᠰ ᠢᠰᠫᠠᠨᠢ ᠯᠤᠭ᠎ᠠ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ ᠲᠤᠷᠰᠢ ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠵᠣᠷᠢᠭ ᠰᠠᠨᠠᠭ᠎ᠠ ᠶᠢ ᠪᠠᠷᠢᠮᠲᠠᠯᠠᠵᠤ ᠂ ᠨᠥᠬᠦᠷᠯᠡᠯ ᠢᠶᠠᠨ ᠭᠦᠨᠵᠡᠭᠡᠶᠢᠷᠡᠭᠦᠯᠵᠦ ᠂ ᠬᠠᠮᠲᠤᠷᠠᠯᠴᠠᠭ᠎ᠠ ᠪᠠᠨ ᠠᠬᠢᠭᠤᠯᠵᠤ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ ᠬᠥᠭᠵᠢᠭᠦᠯᠵᠦ ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠪᠢ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠂ ᠳᠤᠷᠠᠲᠠᠶ᠎ᠠ ᠤᠯᠤᠰ ᠤᠨ ᠸᠠᠩ ᠹᠢᠯᠢᠫᠸᠢ ᠵᠢᠷᠭᠤᠳᠤᠭᠠᠷ ᠲᠠᠢ ᠬᠠᠮᠲᠤ ᠪᠠᠷ ᠴᠢᠷᠮᠠᠶᠢᠵᠤ ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ ᠂ ᠦᠷᠭᠦᠯᠵᠢᠯᠡᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ ᠂ ᠠᠷᠠᠳ ᠤᠨ ᠰᠡᠳᠬᠢᠯ ᠤᠨ ᠳᠣᠲᠣᠨᠣᠰᠤᠭ ᠬᠠᠷᠢᠯᠴᠠᠭ᠎ᠠ ᠶᠢ ᠨᠡᠮᠡᠭᠳᠡᠭᠦᠯᠵᠦ ᠂ ᠳᠤᠮᠳᠠᠳᠤ ᠢᠰᠫᠠᠨᠢ ᠶᠢᠨ ᠨᠥᠭᠦᠷᠰᠡᠭ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ ᠴᠢᠬᠤᠯᠠᠴᠢᠯᠠᠪᠠ ᠃

      ᠹᠢᠯᠢᠫᠸᠢ ᠵᠢᠷᠭᠤᠳᠤᠭᠠᠷ ᠂ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ ᠂ ᠢᠰᠫᠠᠨᠢ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠲᠣᠭᠲᠠᠭᠤᠨ ᠤᠷᠤᠭᠰᠢᠲᠠᠢ ᠶᠠᠪᠤᠭᠳᠠᠵᠤ ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠷᠭᠦᠯᠵᠢᠯᠡᠨ ᠠᠬᠢᠵᠤ ᠂ ᠠᠷᠠᠳ ᠲᠦᠮᠡᠨ ᠤ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ ᠃ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ ᠂ ᠨᠥᠭᠦᠷᠰᠡᠭ ᠶᠠᠪᠤᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠭᠡᠳᠬᠡᠵᠦ ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ