ᠥᠪᠥᠷ ᠮᠣᠩᠭᠤᠯ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠠᠷᠢᠯᠴᠠᠪᠠ  ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2023/3/10
      3 ᠰᠠᠷ᠎ᠠ ᠶᠢᠨ 8 ᠤ ᠦᠳᠡ ᠶᠢᠨ ᠬᠤᠶᠢᠨ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠪᠠᠶᠢᠴᠠᠭᠠᠬᠤᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠠᠷᠢᠯᠴᠠᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢᠠᠨ ᠷᠦᠨ ᠱᠧᠩ ᠂ ᠰᠦᠨ ᠵᠢᠶᠦ᠋ᠨ ᠴᠢᠩ ᠳᠤᠰ ᠳᠤᠰ ᠥᠪᠡᠷ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠤᠨ ᠶᠠᠷᠢᠯᠴᠠᠬᠤ ᠳᠤ ᠣᠷᠣᠯᠴᠠᠪᠠ ᠃      ᠶᠠᠷᠢᠯᠴᠠᠬᠤ ᠳᠤᠮᠳᠠ ᠂ ᠭᠡᠰᠢᠭᠦᠳ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠪᠦᠭᠦ ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠣᠨᠴᠠᠭᠠᠶᠢᠯᠠᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠢ ᠡᠷᠡᠰ ᠬᠠᠮᠠᠭᠠᠯᠠᠬᠤ ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠠᠤᠯᠢ ᠴᠠᠭᠠᠵᠠ ᠶᠢᠨ ᠡᠭᠦᠷᠭᠡᠯᠡᠯ ᠢ ᠬᠦᠴᠦᠲᠡᠢ ᠢᠯᠡᠷᠡᠭᠦᠯᠵᠦ ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠥᠷᠲᠡᠭ ᠤᠨ ᠬᠥᠭᠡᠭᠡᠴᠡᠯᠳᠦᠯ ᠢ ᠢᠯᠡᠷᠡᠭᠦᠯᠵᠦ ᠂ ᠲᠤᠭ ᠢ ᠥᠨᠳᠥᠷ ᠮᠠᠨᠳᠤᠭᠤᠯᠵᠤ ᠂ ᠬᠥᠭᠵᠢᠯᠲᠡ ᠳᠤ ᠦᠢᠯᠡᠴᠢᠯᠡᠵᠦ ᠂ ᠠᠷᠠᠳ ᠤᠨ ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠵᠦ ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠰᠠᠶᠢᠨ ᠮᠡᠳᠡᠭᠦᠯᠦᠯᠲᠡ ᠪᠣᠯᠵᠠᠢ ᠭᠡᠵᠦ ᠰᠠᠨᠠᠯ ᠨᠢᠭᠡᠲᠡᠢ ᠦᠵᠡᠵᠡᠭᠡᠪᠡ ᠃      ᠧ ᠰᠢᠶᠣᠣ ᠮᠧᠢ ᠭᠡᠰᠢᠭᠦᠨ ᠂ ᠥᠩᠭᠡᠷᠡᠭᠰᠡᠨ ᠲᠠᠪᠤᠨ ᠵᠢᠯ ᠳᠤ ᠠᠷᠠᠳ ᠤᠨ ᠳᠡᠭᠡᠳᠦ ᠰᠢᠭᠦᠭᠦ ᠬᠤᠷᠢᠶ᠎ᠠ ᠪᠣᠯᠣᠨ ᠠᠷᠠᠳ ᠤᠨ ᠳᠡᠭᠡᠳᠦ ᠪᠠᠶᠢᠴᠠᠭᠠᠬᠤᠬᠤᠷᠢᠶ᠎ᠠ ᠶᠢᠨ ᠠᠵᠢᠯ ᠨᠤᠲᠠᠯᠠᠭᠤᠰᠢᠲᠠᠢ ᠠᠮᠵᠢᠯᠲᠠ ᠣᠯᠵᠤ ᠂ ᠤᠯᠤᠰ ᠤᠨ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠂ ᠠᠷᠠᠳ ᠲᠦᠮᠡᠨ ᠤ ᠠᠮᠤᠷᠠᠮᠤᠭᠤᠯᠠᠩ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠃ ᠡᠭᠦᠨ ᠤ ᠬᠠᠮᠲᠤ ᠂ ᠮᠡᠳᠡᠭᠦᠯᠦᠯᠲᠡ ᠨᠢ ᠠᠰᠠᠭᠤᠳᠠᠯ ᠪᠣᠯᠣᠨ ᠬᠦᠴᠢᠷᠳᠡᠯ ᠳᠤ ᠰᠢᠭᠤᠳ ᠬᠠᠨᠳᠤᠪᠠ ᠂ ᠵᠢᠱᠢᠶᠡᠯᠡᠪᠡᠯ ᠠᠷᠠᠳ ᠤᠨ ᠳᠡᠭᠡᠳᠦ ᠰᠢᠭᠦᠭᠦ ᠬᠤᠷᠢᠶ᠎ᠠ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠳᠤ ᠴᠥᠮ ᠲᠤᠰᠬᠠᠶᠢᠵᠢᠭᠰᠠᠨ ᠴᠢᠳᠠᠪᠤᠷᠢᠲᠠᠨ ᠲᠤᠲᠠᠭᠳᠠᠵᠤ ᠪᠠᠶᠢᠬᠤ ᠠᠰᠠᠭᠤᠳᠠᠯ ᠣᠷᠣᠰᠢᠵᠤ ᠪᠤᠢ ᠭᠡᠪᠡ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠬᠢᠨ ᠬᠦᠴᠦᠲᠡᠢ ᠠᠷᠭ᠎ᠠ ᠬᠡᠮᠵᠢᠶ᠎ᠡ ᠠᠪᠴᠤ ᠥᠷᠢᠰᠦᠯᠳᠦᠭᠡᠨ ᠢ ᠠᠷᠭᠠᠴᠠᠭᠠᠵᠤ ᠂ ᠲᠥᠪ ᠭᠤᠣᠯᠴᠢ ᠪᠠᠷ ᠬᠠᠤᠯᠢ ᠪᠠᠷᠢᠬᠤ ᠪᠠᠷ ᠳᠤᠮᠳᠠᠳᠤ ᠤᠯᠤᠰ ᠤᠨ ᠵᠠᠰᠠᠯᠲᠠ ᠳᠤ ᠬᠦᠴᠦᠨ ᠨᠡᠮᠡᠷᠢᠯᠡᠪᠡᠯ ᠵᠣᠬᠢᠨ᠎ᠠ ᠭᠡᠵᠦ ᠰᠠᠨᠠᠭᠤᠯᠵᠤ ᠪᠠᠶᠢᠨ᠎ᠠ ᠭᠡᠪᠡ ᠃      ᠯᠢ ᠪᠦᠦ ᠴᠢᠤᠸᠠᠨ ᠭᠡᠰᠢᠭᠦᠨ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠪᠠᠶᠢᠴᠠᠭᠠᠬᠤᠬᠤᠷᠢᠶ᠎ᠠ ᠶᠢᠨ ᠠᠵᠢᠯ ᠤᠨ ᠮᠡᠳᠡᠭᠦᠯᠦᠯᠲᠡ ᠨᠢ ︽ ᠠᠷᠠᠳ ᠤᠯᠠᠨ ᠳᠤ ᠬᠠᠤᠯᠢ ᠪᠠᠷᠢᠭᠰᠠᠨ ᠬᠡᠷᠡᠭ ᠨᠢᠭᠡ ᠪᠦᠷᠢ ᠠᠴᠠ ᠲᠥᠪ ᠭᠤᠣᠯᠴᠢ ᠰᠢᠳᠤᠷᠭᠤ ᠶᠣᠰᠣ ᠶᠢ ᠴᠢᠷᠮᠠᠶᠢᠨ ᠮᠡᠳᠡᠷᠡᠭᠦᠯᠬᠦ ︾ ᠬᠠᠷᠠᠯᠲᠠ ᠲᠠᠢ ᠨᠢᠭᠲᠠ ᠤᠶᠠᠯᠳᠤᠭᠤᠯᠤᠨ ᠂ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠤᠣᠯᠴᠢ ᠪᠠᠷ ᠬᠠᠤᠯᠢ ᠪᠠᠷᠢᠬᠤ ᠭᠤᠣᠯ ᠰᠢᠵᠢᠮ ᠢ ᠳᠣᠪᠤᠶᠢᠯᠭᠠᠵᠤ ᠂ ᠲᠤᠭ᠎ᠠ ᠪᠠᠷᠢᠮᠲᠠ ᠨᠢᠭᠡ ᠪᠦᠷᠢ ᠪᠠ ᠬᠡᠷᠡᠭ ᠤᠨ ᠵᠢᠱᠢᠶ᠎ᠡ ᠨᠦᠭᠦᠳ ᠢᠶᠠᠷ ᠠᠮᠵᠢᠯᠲᠠ ᠪᠦᠲᠦᠮᠵᠢ ᠪᠠᠨ ᠳ᠋ᠦᠩᠨᠡᠵᠦ ᠂ ᠡᠭᠦᠷᠭᠡ ᠨᠢᠭᠡ ᠪᠦᠷᠢ ᠪᠠ ᠠᠷᠭ᠎ᠠ ᠬᠡᠮᠵᠢᠶ᠎ᠡ ᠨᠦᠭᠦᠳ ᠢᠶᠠᠷ ᠢᠷᠡᠭᠡᠳᠦᠢ ᠪᠠᠨ ᠪᠠᠷᠠᠯᠠᠭᠰᠠᠨ ᠨᠢ ᠮᠠᠰᠢ ᠶᠡᠭᠡ ᠢᠲᠡᠭᠡᠭᠦᠯᠭᠦ ᠬᠦᠴᠦᠨ ᠲᠠᠢ ᠂ ᠵᠢᠯᠤᠭᠤᠳᠬᠤ ᠴᠢᠨᠠᠷ ᠪᠠ ᠪᠣᠯᠣᠮᠵᠢᠲᠤ ᠴᠢᠨᠠᠷ ᠲᠠᠢ ᠭᠡᠵᠦ ᠦᠵᠡᠪᠡ ᠃      ᠭᠡᠰᠢᠭᠦᠳ ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠮᠥᠨ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠬᠦᠨᠳᠦ ᠂ ᠥᠷᠢᠰᠦᠯᠳᠦᠭᠡᠨ ᠣᠯᠠᠨ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ ᠬᠠᠷᠢᠭᠤᠴᠠᠯᠭ᠎ᠠ ᠪᠠᠨ ᠭᠦᠢᠴᠡᠳᠬᠡᠵᠦ ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠨ ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠂ ᠬᠠᠤᠯᠢᠵᠢᠯ ᠤᠨ ᠳᠤᠮᠳᠠᠳᠤ ᠤᠯᠤᠰ ᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ