ᠤᠯᠠᠭᠠᠨᠬᠠᠳᠠ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠᠨ ᠴᠢᠩᠭᠠᠷᠠᠭᠤᠯᠵᠤ ᠪᠤᠢ
ᠨᠡᠶᠢᠲᠡᠯᠡᠭᠰᠡᠨ ᠴᠠᠭ᠄
2023/3/10
      ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ︾ ᠮᠥᠨ ᠃ ᠤᠯᠠᠭᠠᠨᠬᠠᠳᠠ ᠬᠤᠲᠠ ᠨᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠤᠭᠰᠠᠨ ᠤ ᠬᠤᠪᠢ ᠳᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ︽ ᠭᠠᠵᠠᠷ ᠠᠰᠢᠭᠯᠠᠵᠤ ᠠᠮᠤ ᠬᠤᠷᠢᠶᠠᠬᠤ᠂ ᠮᠡᠷᠭᠡᠵᠢᠯ ᠳᠤ ᠲᠦᠰᠢᠭᠯᠡᠵᠦ ᠬᠦᠨᠡᠰᠦ ᠨᠥᠭᠡᠴᠡᠯᠡᠬᠦ ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠡᠷᠦᠩᠬᠡᠢ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠭᠰᠠᠭᠠᠷ ᠢᠷᠡᠵᠡᠶ᠃ 2023 ᠣᠨ ᠳᠤ ᠪᠥᠬᠦ ᠬᠤᠲᠠ ᠪᠠᠷ ᠢᠶᠠᠨ 74 ᠲᠦᠮᠡᠨ ᠮᠦ ᠶᠢᠨ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠳᠡᠭᠡᠭᠰᠢᠯᠡᠭᠦᠯᠬᠦ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠪᠴᠢᠯᠡᠨ ᠪᠡᠶᠡᠯᠡᠭᠦᠯᠬᠦ ᠶᠢᠨ ᠬᠠᠮᠲᠤ 2022 ᠣᠨ ᠤ 102.5 ᠲᠦᠮᠡᠨ ᠮᠦ ᠶᠢᠨ ᠲᠥᠷᠥᠯ ᠵᠦᠢᠯ ᠤᠨ ᠰᠡᠭᠦᠯ ᠬᠤᠷᠢᠶᠠᠬᠤ ᠠᠵᠢᠯ ᠢ ᠲᠦᠷᠭᠡᠪᠴᠢᠯᠡᠨ ᠠᠬᠢᠭᠤᠯᠬᠤ ᠪᠠᠷ ᠪᠤᠢ ᠃      ᠨᠢᠭᠡ ᠳᠤ ᠂ ᠥᠨᠳᠥᠷ ᠪᠠᠶᠢᠷᠢ ᠠᠴᠠ ᠠᠬᠢᠭᠤᠯᠬᠤ ᠶᠢ ᠪᠠᠷᠢᠮᠲᠠᠯᠠᠵᠤ ᠂ ᠵᠠᠷᠯᠠᠨ ᠮᠡᠳᠡᠭᠡᠯᠡᠬᠦ᠂ ᠪᠣᠯᠵᠣᠨ ᠶᠠᠷᠢᠯᠴᠠᠬᠤ ᠂ ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠂ ᠳᠠᠷᠤᠯᠲᠠ ᠶᠢ ᠦᠨᠡᠨ ᠬᠦ ᠪᠣᠳᠠᠲᠠᠢ ᠠᠵᠢᠯ ᠳᠤ ᠳᠠᠮᠵᠢᠭᠤᠯᠬᠤ ᠬᠡᠷᠡᠭᠲᠡᠢ ︔ ᠬᠤᠶᠠᠷ ᠲᠤ ᠂ ᠲᠥᠷᠥᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ ᠂ ᠪᠠᠷᠢᠯᠭ᠎ᠠ ᠳᠠᠭᠤᠰᠴᠤ ᠰᠢᠯᠭᠠᠨ ᠠᠪᠬᠤ ᠲᠥᠷᠥᠯ ᠵᠦᠢᠯ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠢᠶᠠᠷ ᠳᠠᠮᠵᠢᠭᠤᠯᠤᠨ ᠪᠡᠯᠡ ᠮᠥᠩᠭᠦ ᠳᠥᠯᠥᠬᠦ ᠠᠵᠢᠯ ᠢ ᠰᠠᠶᠢᠲᠤᠷ ᠬᠢᠵᠦ ᠂ ᠳᠥᠯᠥᠬᠦ ᠠᠬᠢᠴᠠ ᠬᠢᠭᠡᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠷᠪᠠ ᠳᠤ ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠲᠦᠷᠦᠯ ᠵᠦᠢᠯ ᠢ ᠠᠬᠢᠭᠤᠯᠬᠤ ᠴᠠᠭ ᠤᠨ ᠬᠦᠰᠦᠨᠦᠭᠲᠦ ᠪᠣᠯᠣᠨ ᠵᠠᠮ ᠱᠤᠭᠤᠮ ᠤᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠪᠠᠷ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ︔ ᠳᠥᠷᠪᠡ ᠳᠤ ᠂ ᠲᠦᠷᠦᠯ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ ᠂ ᠵᠢᠷᠤᠭ ᠲᠥᠯᠥᠪᠯᠡᠭᠡ ᠶᠢ ᠬᠢᠨᠠᠨ ᠲᠣᠭᠲᠠᠭᠠᠬᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠴᠢᠬᠤᠯᠠ ᠪᠣᠭᠤᠮᠲᠠ ᠶᠢ ᠴᠢᠩᠭ᠎ᠠ ᠡᠵᠡᠮᠳᠡᠵᠦ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ ︔ ᠲᠠᠪᠤ ᠳᠤ ᠂ ᠡᠯ᠎ᠡ ᠭᠠᠵᠠᠷ ᠤᠨ ᠬᠢᠨ 2024 ᠣᠨ ᠤ ᠲᠦᠷᠦᠯ ᠵᠦᠢᠯ ᠤᠨ ᠨᠥᠭᠡᠴᠡᠯᠡᠯᠲᠡ ᠶᠢ ᠰᠠᠶᠢᠲᠤᠷ ᠬᠢᠵᠦ ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠤᠷᠢᠳᠴᠢᠯᠠᠨ ᠥᠷᠨᠢᠭᠦᠯᠵᠦ ᠂ ︽ ᠬᠠᠪᠤᠷ ᠪᠣᠯᠣᠮᠠᠭᠴᠠ ᠠᠵᠢᠯ ᠢᠶᠠᠨ ᠡᠬᠢᠯᠡᠭᠦᠯᠬᠦ ︾  ᠶᠢ ᠪᠡᠶᠡᠯᠡᠭᠦᠯᠬᠦ ᠬᠡᠷᠡᠭᠲᠡᠢ ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ