ᠬᠤᠸᠠᠩ ᡁᠢ ᠴᠢᠶᠠᠩ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠨ ᠲᠡᠪᠰᠢᠭᠦ ᠳᠡᠰ ᠳᠡᠪᠰᠢᠭᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/13


      3 ᠰᠠᠷ᠎ᠠ ᠶᠢᠨ 10᠎ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠨ ᠲᠡᠪᠰᠢᠭᠦ ᠲᠡᠰ ᠳᠡᠪᠰᠢᠭᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠸᠠᠩ ᡁᠢ ᠴᠢᠶᠠᠩ ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠵᠢᠯ ᠨᠢ ᠠᠵᠤ ᠠᠬᠤᠢ ᠶᠢᠨ ᠬᠥᠭᠵᠢᠯᠲᠡ ᠲᠠᠢ ᠬᠤᠯᠪᠣᠯᠳᠤᠬᠤ ᠪᠥᠭᠡᠳ ᠪᠠᠰᠠ ᠠᠶᠢᠯ ᠡᠷᠦᠭᠡ ᠪᠦᠭᠦᠨ ᠲᠠᠢ ᠬᠤᠯᠪᠣᠯᠳᠤᠵᠤ ᠪᠠᠶᠢᠳᠠᠭ ᠂ ᠣᠷᠣᠨ ᠲᠡᠪᠰᠢᠭᠦ ᠳᠡᠰ ᠳᠡᠪᠰᠢᠭᠦ ᠶᠢᠨ ᠵᠠᠩᠭᠢᠯᠠᠭ᠎ᠠ ᠨᠢ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠬᠤ ᠳᠤ ᠪᠠᠶᠢᠨ᠎ᠠ ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠠᠭᠠᠵᠤ ᠂ ᠣᠷᠣᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠂ ᠨᠡᠬᠡᠵᠦ ᠭᠦᠢᠴᠡᠭᠦ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠲᠠᠩ ᠵᠦᠢᠯ ᠤᠨ ᠭᠦᠢᠴᠡᠳᠬᠡᠯ ᠲᠤᠭ᠎ᠠ ᠶᠢᠨ ᠶᠡᠭᠡ ᠬᠡᠮᠵᠢᠶᠡᠨ ᠤ ᠳᠠᠪᠠᠯᠲᠠ ᠪᠠᠷ ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠪᠠᠷ ᠴᠢᠷᠮᠠᠶᠢᠬᠤ ᠬᠡᠷᠡᠭᠲᠡᠢ ᠃ ᠠᠵᠢᠯ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠨᠡᠶᠢᠭᠡᠮ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠂ ᠡᠳ᠋ ᠤᠨ ᠵᠠᠰᠠᠭ ᠤᠨ ᠣᠷᠣᠭᠤᠯᠤᠯᠲᠠ ᠶᠢ ᠴᠢᠩᠭᠠᠳᠬᠠᠵᠤ ᠂ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ ᠂ ᠵᠠᠭᠪᠤᠷ ᠤᠨ ᠰᠢᠨ᠎ᠡ ᠶᠢ ᠡᠭᠦᠳᠭᠦ ᠶᠢ ᠬᠦᠴᠦᠯᠡᠨ ᠠᠬᠢᠭᠤᠯᠵᠤ ᠂ ᠬᠢᠬᠦ ᠰᠠᠨᠠᠭ᠎ᠠ ᠲᠠᠢ ᠂ ᠬᠢᠵᠦ ᠴᠢᠳᠠᠬᠤ ᠂ ᠰᠢᠨ᠎ᠡ ᠶᠢ ᠡᠭᠦᠳᠦᠨ ᠬᠢᠬᠦ ᠶᠢ ᠪᠡᠶᠡᠯᠡᠭᠦᠯᠬᠦ ᠬᠡᠷᠡᠭᠲᠡᠢ ᠃ ᠨᠢᠭᠡᠳᠦᠯᠲᠡᠢ ᠦᠵᠦ ᠲᠥᠯᠦᠪᠵᠢᠭᠦᠯᠭᠡ ᠶᠢ ᠴᠢᠬᠤᠯᠠᠴᠢᠯᠠᠵᠤ ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ ᠂ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ ᠂ ᠰᠠᠶᠢᠨ ᠵᠢᠯᠣᠭᠤᠳᠤᠭᠴᠢ ᠪᠤᠯᠬᠤ ᠪᠥᠭᠡᠳ ᠪᠠᠰᠠ ᠰᠠᠶᠢᠨ ᠪᠠᠶᠢᠯᠳᠤᠭᠴᠢ ᠪᠣᠯᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠬᠡᠯᠡᠪᠡ ᠃

      ᠴᠢ᠊ ᠪᠠᠲᠤ ᠂ ᠪᠦᠦ ᠰᠢᠶᠠᠨ ᠬᠤᠸᠠ ᠬᠤᠷᠠᠯ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ