ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠨᠠᠷ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/14

      3 ᠳ᠋ᠤᠭᠠᠷ ᠰᠠᠷ᠎ᠠ ᠶᠢᠨ 9᠎ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠨᠠᠷ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠸᠠᠩ ᡁᠢ ᠴᠢᠶᠠᠩ ᠬᠡᠯᠡᠬᠦ ᠳᠤ ᠪᠠᠨ ᠂ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠡᠷᠬᠡᠪᠰᠢ ᠰᠢᠰᠲ᠋ᠧᠮᠲᠦ ᠰᠡᠳᠬᠢᠬᠦᠢ ᠶᠢ ᠪᠤᠢ ᠪᠣᠯᠭᠠᠬᠤ ᠬᠡᠷᠡᠭᠲᠡᠢ ᠃ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠦᠷᠳᠡᠭ ᠢ ᠨᠡᠮᠡᠭᠳᠡᠭᠦᠯᠬᠦ ᠪᠠᠷ ᠲᠣᠳᠣᠷᠬᠠᠢ ᠬᠠᠷᠠᠯᠲᠠ ᠪᠣᠯᠭᠠᠵᠤ ᠂ ᠵᠠᠬ᠎ᠠ ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠃ ᠠᠵᠤ ᠦᠢᠯᠡᠰ ᠤᠨ ᠬᠡᠯᠬᠢᠶ᠎ᠡ ᠶᠢᠨ ᠥᠷᠢᠰᠦᠯᠳᠦᠬᠦ ᠬᠦᠴᠦᠨ ᠤ ᠪᠠᠶᠢᠭᠤᠯᠤᠯᠲᠠ ᠶᠢ ᠲᠤᠪᠤᠶᠢᠯᠭᠠᠵᠦ ᠂ ᠴᠢᠭᠯᠡᠯᠲᠦ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠳᠪᠦᠷᠢᠯᠡᠯ ᠤᠨ ᠲᠠᠯ᠎ᠠ ᠳᠠᠬᠢ ᠡᠯᠧᠮᠧᠨ᠋ᠲ ᠤᠨ ᠥᠪᠡᠷ ᠤᠨ ᠦᠷᠳᠡᠭ ᠢ ᠪᠠᠭᠤᠷᠠᠭᠤᠯᠤᠨ᠂ ᠪᠣᠷᠤᠯᠠᠭᠤᠯᠭ᠎ᠠ ᠶᠢᠨ ᠲᠠᠯ᠎ᠠ ᠳᠠᠬᠢ ᠦᠢᠯᠡᠳᠬᠦᠨ ᠤ ᠦᠨ᠎ᠡ ᠥᠰᠬᠦ ᠥᠷᠳᠡᠭ ᠢ ᠨᠡᠮᠡᠭᠳᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠥᠲᠥᠴᠢ ᠠᠵᠤ ᠠᠬᠤᠶᠢᠯᠠᠯ ᠪᠣᠯᠣᠨ ᠣᠨᠴᠠᠯᠢᠭᠲᠤ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ ᠂ ᠵᠠᠬ᠎ᠠ ᠳᠡᠯᠭᠡᠭᠦᠷ ᠤᠨ ᠬᠡᠪᠴᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢ ᠪᠠᠲᠤᠯᠠᠬᠤ ᠬᠡᠷᠡᠭᠲᠡᠢ ᠃ ᠣᠷᠣᠨ ᠪᠦᠰᠡ ᠶᠢᠨ ᠨᠠᠷᠠᠲᠤ ᠲᠡᠮᠳᠡᠭ ᠂ ᠠᠵᠤ ᠠᠬᠤᠶᠢᠯᠠᠯ ᠤᠨ ᠨᠠᠷᠠᠲᠤ ᠲᠡᠮᠳᠡᠭ ᠂ ᠦᠢᠯᠡᠳᠬᠦᠨ ᠤ ᠨᠠᠷᠠᠲᠤ ᠲᠡᠮᠳᠡᠭ ᠢ ᠪᠣᠢ ᠪᠣᠯᠭᠠᠵᠤ᠂ ᠨᠡᠷᠡᠳᠤ ᠲᠡᠮᠳᠡᠭ ᠤᠨ ᠵᠢᠭᠰᠠᠭᠠᠯ ᠢ ᠪᠦᠷᠢᠯᠳᠦᠭᠦᠯᠬᠦ ᠬᠡᠷᠡᠭᠲᠡᠢ᠃ ᠵᠠᠬ᠎ᠠ ᠳᠡᠯᠭᠡᠭᠦᠷ ᠢᠶᠠᠷ ᠬᠦᠴᠦᠨ ᠴᠢᠳᠠᠮᠵᠢ ᠣᠯᠭᠤᠬᠤ ᠂ ᠰᠢᠨᠵᠢᠯᠡᠬᠦ ᠤᠬᠠᠭᠠᠨ ᠮᠡᠷᠭᠡᠵᠢᠯ ᠎ ᠢᠶᠠᠷ ᠬᠦᠴᠦᠨ ᠴᠢᠳᠠᠮᠵᠢ ᠣᠯᠭᠤᠬᠤ ᠂ ᠮᠥᠩᠭᠦᠨ ᠭᠦᠢᠯᠭᠡᠭᠡᠨ ᠎ ᠢᠶᠠᠷ ᠬᠦᠴᠦᠨ ᠴᠢᠳᠠᠮᠵᠢ ᠣᠯᠭᠤᠬᠤ ᠶᠢ ᠴᠢᠩᠭᠠᠷᠠᠭᠤᠯᠵᠤ ᠂ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠦᠷᠳᠡᠭ ᠤᠨ ᠲᠠᠬᠢᠨ ᠲᠤᠭ᠎ᠠ ᠪᠠᠷ ᠨᠡᠮᠡᠭᠳᠡᠬᠦ ᠶᠢ ᠲᠠᠶᠢᠴᠢᠯᠠᠵᠤ ᠂ ᠤᠯᠠᠨ ᠡᠰᠢᠵᠢᠭᠰᠡᠨ ᠤᠳᠤ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠡᠢ ᠃

      ᠪᠦᠦ ᠰᠢᠶᠠᠨ ᠬᠤᠸᠠ ᠂ ᠵᠧᠩ ᠭᠤᠸᠠᠩ ᠵᠤᠤ ᠂ ᠶᠣᠣ ᠶᠦᠩ ᠪᠥᠸᠧ ᠂ ᠳᠠᠶᠢᠴᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠳᠠᠯ ᠢ ᠬᠠᠷᠢᠭᠤ ᠮᠡᠳᠡᠭᠦᠯᠵᠦ ᠬᠠᠮᠲᠤ ᠪᠠᠷ ᠰᠤᠳᠤᠯᠤᠨ ᠶᠠᠷᠢᠯᠴᠠᠪᠠ ᠃

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ