ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2023/3/15

 

︵ 2023 ᠣᠨ ᠤ 3  ᠰᠠᠷ᠎ᠠ ᠶᠢᠨ  13 ᠎ ᠤ ᠡᠳᠦᠷ ︶

ᠰᠢ ᠶᠢᠨ ᠫᠢᠩ

ᠲᠥᠯᠥᠭᠡᠯᠡᠭᠴᠢᠳ ᠠ᠋᠄

      ᠡᠨᠡ ᠤᠳᠠᠭ᠎ᠠ ᠶᠢᠨ ᠶᠡᠭᠡ ᠬᠤᠷᠠᠯ ᠠᠴᠠ ᠨᠠᠮᠠᠶᠢ ᠰᠣᠩᠭᠤᠵᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠦᠯᠦᠭᠰᠡᠨ ᠪᠠᠶᠢᠨ᠎ᠠ ᠂ ᠪᠢ ᠲᠥᠯᠥᠭᠡᠯᠡᠭᠴᠢᠳ ᠪᠣᠯᠣᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ︕

      ᠡᠨᠡ ᠪᠣᠯ ᠮᠢᠨᠤ ᠤᠯᠤᠰ ᠤᠨ ᠲᠡᠷᠢᠭᠦᠯᠡᠭᠴᠢ  ᠶᠢᠨ  ᠡᠷᠬᠢᠮ ᠳᠡᠭᠡᠳᠦ ᠲᠤᠰᠢᠶᠠᠯ ᠢ ᠭᠤᠷᠪᠠᠳᠠᠭᠢ ᠤᠳᠠᠭ᠎ᠠ ᠡᠭᠦᠷᠭᠡᠯᠡᠵᠦ ᠪᠠᠶᠢᠭ᠎ᠠ ᠶᠠᠪᠤᠳᠠᠯ ᠪᠣᠯᠣᠨ᠎ᠠ ᠃ ᠠᠷᠠᠳ ᠲᠦᠮᠡᠨ ᠤ ᠢᠲᠡᠭᠡᠯ ᠪᠣᠯ ᠮᠢᠨᠤ ᠤᠷᠤᠭᠰᠢᠯᠠᠯᠲᠠ ᠶᠢᠨ ᠬᠠᠮᠤᠭ ᠤᠨ ᠶᠡᠭᠡ ᠬᠦᠳᠡᠯᠭᠡᠬᠦ ᠬᠦᠴᠦᠨ ᠮᠥᠨ ᠂ ᠪᠠᠰᠠ ᠴᠤ ᠮᠢᠨᠤ ᠮᠥᠷᠥᠨ ᠳᠡᠭᠡᠷ᠎ᠡ ᠲᠠᠯᠪᠢᠭᠳᠠᠭᠰᠠᠨ ᠬᠦᠨᠳᠦ ᠬᠠᠷᠢᠭᠤᠴᠠᠯᠭ᠎ᠠ ᠪᠣᠯᠣᠨ᠎ᠠ ᠃ ᠪᠢ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠤᠯᠤᠰ ᠣᠷᠣᠨ ᠤ ᠬᠡᠷᠡᠭᠴᠡᠭᠡ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠵᠥ ᠂ ᠠᠷᠠᠳ ᠲᠦᠮᠡᠨ ᠤ ᠠᠰᠢᠭ ᠲᠤᠰᠠ ᠪᠠᠷ ᠪᠠᠷᠢᠮᠵᠢᠶ᠎ᠠ ᠪᠠᠨ ᠪᠤᠯᠭᠠᠵᠤ ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ ᠂ ᠴᠢᠩ ᠦᠨᠡᠨᠴᠢ ᠪᠠᠷ ᠵᠢᠳᠬᠦᠵᠦ ᠂ ᠲᠥᠯᠥᠭᠡᠯᠡᠭᠴᠢᠳ ᠪᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ︕

      ᠲᠥᠯᠥᠭᠡᠯᠡᠭᠴᠢᠳ ᠠ᠋ ︕

      ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠳᠤᠮᠳᠠᠳᠤ ᠶᠢᠨ ᠦᠨᠳᠦᠰᠦᠲᠡᠨ ᠲᠡᠦᠬᠡᠨ ᠳᠡᠭᠡᠷ᠎ᠡ ᠲᠤᠭ᠎ᠠ ᠲᠣᠮᠰᠢ ᠦᠭᠡᠢ ᠭᠡᠷᠡᠯ ᠰᠠᠴᠤᠷᠠᠩᠭᠤᠢ ᠦᠢᠯᠡᠰ ᠢ ᠪᠦᠲᠦᠭᠡᠭᠰᠡᠨ ᠪᠥᠭᠡᠳ ᠪᠠᠰᠠ ᠮᠠᠰᠢ ᠤᠯᠠᠨ ᠬᠠᠯᠠ ᠵᠣᠪᠠᠯᠠᠩ ᠢ ᠥᠩᠭᠡᠷᠡᠭᠦᠯᠦᠭᠰᠡᠨ ᠶᠤᠮ ᠃ ᠣᠶᠢᠷ᠎ᠠ ᠦᠶ᠎ᠡ ᠠᠴᠠ ᠨᠠᠭᠠᠰᠢ  ᠂ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ ᠹᠧᠣᠳᠠᠯ ᠤᠨ ᠨᠡᠶᠢᠭᠡᠮ ᠪᠣᠯᠵᠤ  ᠂ ᠬᠦᠴᠦᠷᠬᠡᠭ ᠤᠯᠤᠰ ᠤᠳ ᠤᠨ ᠳᠠᠷᠤᠯᠠᠯ ᠳᠣᠷᠣᠮᠵᠢᠯᠠᠯ ᠢ ᠬᠠᠰᠢᠷᠠᠲᠠᠯ᠎ᠠ ᠠᠮᠰᠠᠵᠤ ᠂ ᠵᠦᠭ ᠵᠦᠭ ᠲᠡᠭᠡᠨ ᠬᠠᠭᠠᠴᠠᠨ ᠵᠠᠳᠠᠷᠠᠵᠤ ᠂ ᠳᠠᠶᠢᠨ ᠳᠠᠵᠢᠨ ᠣᠯᠠᠨᠲᠠ ᠡᠭᠦᠰᠴᠦ ᠂ ᠠᠷᠠᠳ ᠢᠷᠭᠡᠳ ᠠᠶᠤᠯ ᠵᠣᠪᠠᠯᠠᠩ ᠠᠮᠰᠠᠵᠤ ᠪᠠᠶᠢᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭ᠎ᠠ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠢᠭᠲᠠ ᠪᠦᠯᠬᠦᠮᠳᠡᠭᠦᠯᠦᠨ ᠳᠠᠭᠠᠭᠤᠯᠵᠤ ᠂ ᠵᠠᠭᠤᠨ ᠵᠢᠯ ᠤᠨ ᠲᠡᠮᠡᠴᠡᠯ ᠢᠶᠠᠷ ᠳᠠᠮᠵᠢᠨ ᠂ ᠦᠨᠳᠦᠰᠦᠲᠡᠨ ᠤ ᠢᠴᠢᠭᠦᠷᠢ ᠶᠢ ᠠᠷᠢᠯᠭᠠᠵᠤ ᠂ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠬᠤᠪᠢ ᠵᠠᠶᠠᠭᠠᠨ ᠤ ᠪᠠᠨ ᠡᠵᠡᠨ ᠨᠢ ᠪᠣᠯᠵᠤ ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠂ ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠬᠤᠷᠢᠭᠯᠠᠭᠳᠠᠰᠢ ᠦᠭᠡᠢ ᠲᠡᠦᠬᠡᠨ ᠠᠬᠢᠴᠠ ᠳᠠᠭᠠᠨ ᠣᠷᠣᠪᠠ ᠃

      ᠤᠳᠤ ᠠᠴᠠ ᠡᠬᠢᠯᠡᠨ ᠲᠤᠰ ᠵᠠᠭᠤᠨ ᠤ ᠳᠤᠮᠳᠠᠴᠢ ᠦᠶ᠎ᠡ ᠪᠤᠯᠲᠠᠯ᠎ᠠ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠣᠯ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠭᠤᠣᠯ ᠡᠭᠦᠷᠭᠡ ᠮᠥᠨ ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠤᠤᠬᠢᠶ᠎ᠠ ᠨᠢ ᠲᠡᠦᠬᠡᠲᠦ ᠴᠢᠨᠠᠷᠲᠠᠢ ᠪᠠᠷ ᠮᠠᠨ ᠤ ᠡᠨᠡ ᠨᠢᠭᠡ ᠦᠶ᠎ᠡ ᠶᠢᠨ ᠬᠥᠮᠥᠰ ᠤᠨ ᠪᠡᠶ᠎ᠡ ᠳᠡᠭᠡᠷ᠎ᠡ ᠲᠠᠯᠪᠢᠭᠳᠠᠪᠠ ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠂ ︽ᠲᠠᠪᠤ ᠶᠢ ᠨᠢᠭᠡ ᠴᠣᠭᠴᠠᠵᠢᠭᠤᠯᠬᠤ ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ ᠂  ︽ᠲᠦᠷᠪᠡᠨ ᠪᠦᠭᠦ ᠲᠠᠯ᠎ᠠ ︾ ᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠪᠦᠯᠬᠦᠮᠳᠡᠨ ᠲᠡᠮᠡᠴᠡᠵᠦ ᠂ ᠵᠠᠮ ᠨᠡᠭᠡᠭᠡᠨ ᠰᠢᠨ᠎ᠡ ᠶᠢ ᠡᠭᠦᠳᠴᠦ ᠂ ᠰᠢᠨ᠎ᠡ ᠠᠶᠠᠨ ᠳᠠᠭᠠᠨ ᠴᠠᠭ ᠦᠶ᠎ᠡ ᠳᠤ ᠣᠰᠣᠯᠳᠠᠯ ᠦᠭᠡᠢ ᠂ ᠲᠡᠦᠬᠡ ᠳᠤ ᠣᠰᠣᠯᠳᠠᠯ ᠦᠭᠡᠢ  ᠂ ᠠᠷᠠᠳ ᠲᠦᠮᠡᠨ ᠳᠤ ᠣᠰᠣᠯᠳᠠᠯ ᠦᠭᠡᠢ ᠪᠠᠷ ᠠᠮᠵᠢᠯᠲᠠ ᠪᠦᠲᠦᠮᠵᠢ ᠭᠠᠷᠭᠠᠵᠤ  ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠮᠠᠨ ᠤ ᠡᠨᠡ ᠦᠶ᠎ᠡ ᠶᠢᠨ ᠬᠥᠮᠥᠰ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ︕

      ᠲᠥᠯᠥᠭᠡᠯᠡᠭᠴᠢᠳ ᠠ᠋ ︕

      ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠂ ᠪᠢᠳᠡ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠭᠦ ᠶᠢ ᠠᠬᠢᠭᠤᠯᠵᠤ ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠂ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠤᠪᠢᠷᠠᠬᠤ ᠶᠢ ᠠᠬᠢᠭᠤᠯᠵᠤ ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠂ ᠶᠡᠷᠦᠩᠬᠡᠶᠢᠯᠡᠭᠰᠡᠨ ᠤᠯᠤᠰ ᠤᠨ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠬᠤ ᠬᠡᠷᠡᠭᠲᠡᠢ ᠃

      ᠪᠢᠳᠡ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ ᠃ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠷᠠᠳ ᠲᠦᠮᠡᠨ ᠪᠣᠯ ᠰᠢᠢᠳᠪᠦᠷᠢᠯᠡᠭᠴᠢ ᠴᠢᠨᠠᠷᠲᠠᠢ ᠬᠦᠴᠦᠨ ᠮᠥᠨ ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ ᠂ ᠨᠠᠮ ᠤᠨ ᠤᠳᠤᠷᠢᠳᠤᠯᠭ᠎ᠠ  ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠪᠦᠷᠢᠨᠰᠢᠭᠦᠯᠵᠦ ᠂ ᠠᠷᠠᠳ ᠲᠦᠮᠡᠨ ᠤ ᠬᠦᠰᠡᠯ ᠵᠣᠷᠢᠯᠲᠠ ᠶᠢ ᠪᠡᠶᠡᠯᠡᠭᠦᠯᠵᠦ ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ ᠂ ᠪᠦᠭᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠴᠢᠩᠭᠠᠳᠬᠠᠨ ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠵᠦ ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠲᠠᠰᠤᠷᠠᠯᠳᠠ ᠦᠭᠡᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ ᠃ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ ᠂ ᠢᠳᠡᠪᠬᠢ ᠬᠦᠴᠦᠨ ᠵᠦᠢᠯ ᠪᠦᠭᠦᠨ ᠢ ᠭᠦᠢᠴᠡᠳ ᠲᠠᠶᠢᠴᠢᠯᠠᠨ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ ᠃

      ᠪᠢᠳᠠ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ ᠠᠮᠤᠷ ᠲᠦᠪᠰᠢᠨ ᠪᠣᠯ ᠬᠥᠭᠵᠢᠯᠲᠡ ᠶᠢᠨ ᠰᠠᠭᠤᠷᠢ ᠮᠥᠨ ᠂ ᠲᠣᠭᠲᠠᠭᠤᠨ ᠪᠠᠶᠢᠬᠤ ᠪᠣᠯ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠠᠷᠠᠳ ᠤᠨ ᠴᠡᠷᠢᠭ ᠠᠩᠭᠢ ᠶᠢ ᠤᠯᠤᠰ ᠣᠷᠣᠨ ᠤ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠬᠤ ᠪᠠᠲᠤ ᠪᠠᠬᠢ ᠤᠷᠳᠤ ᠴᠠᠭᠠᠨ ᠬᠡᠷᠡᠮ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠃

      ᠪᠢᠳᠡ  ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ  ︾ ᠦᠢᠯᠡᠳᠦᠯᠭᠡ ᠪᠠ ᠡᠬᠡ ᠣᠷᠣᠨ ᠢᠶᠠᠨ ᠨᠢᠭᠡᠳᠬᠡᠬᠦ ᠶᠡᠭᠡ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠶᠠᠩᠭᠠᠩ ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠠᠴᠠ ᠰᠠᠯᠵᠤ ᠴᠢᠳᠠᠬᠤ ᠦᠭᠡᠢ ᠶᠤᠮ ᠃  ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾᠂  ︽ᠰᠢᠶᠠᠩᠭᠠᠩᠴᠤᠳ ᠰᠢᠶᠠᠩᠭᠠᠩ ᠢ ᠵᠠᠰᠠᠬᠤ ︾  ᠂  ︽ᠣᠣᠮᠧᠨᠴᠤᠳ ᠣᠣᠮᠧᠨ ᠢ ᠵᠠᠰᠠᠬᠤ ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠢ ᠂ ᠭᠤᠶᠢᠪᠢᠰᠢ ᠦᠭᠡᠢ ᠲᠤᠭᠤᠰᠢᠯᠠᠭᠤᠯᠵᠤ ᠂ ᠬᠠᠤᠯᠢ ᠪᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠨ ᠂ ᠰᠢᠶᠠᠩᠭᠠᠩ ᠂ ᠣᠣᠮᠧᠨ ᠤ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠵᠤ ᠠᠬᠤᠢ ᠪᠠᠨ ᠬᠥᠭᠵᠢᠭᠦᠯᠬᠦ ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠳᠡᠮᠵᠢᠵᠦ ᠂ ᠤᠯᠤᠰ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠡᠳᠦᠪ ᠳᠣᠲᠣᠷᠠᠬᠢ ᠠᠭᠤᠯᠭ᠎ᠠ ᠮᠥᠨ ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ  ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ ︾ ᠎ ᠶᠢ ᠪᠠᠷᠢᠮᠲᠠᠯᠠᠨ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠢᠳᠡᠪᠬᠢᠲᠡᠢ ᠠᠬᠢᠭᠤᠯᠵᠤ ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ  ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ ᠂ ᠡᠬᠡ ᠣᠷᠣᠨ ᠢᠶᠠᠨ ᠨᠢᠭᠡᠳᠬᠡᠬᠦ ᠠᠬᠢᠴᠠ ᠶᠢ  ᠭᠤᠶᠢᠪᠢᠰᠢ ᠦᠭᠡᠢ ᠠᠬᠢᠭᠤᠯᠬᠤ

ᠬᠡᠷᠡᠭᠲᠡᠢ ᠃

      ᠪᠢᠳᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠳᠤ ᠠᠰᠢᠭ ᠬᠦᠷᠲᠡᠭᠡᠵᠦ ᠂ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠠᠴᠠ ᠰᠠᠯᠵᠤ ᠴᠢᠳᠠᠬᠤ ᠦᠭᠡᠢ ᠶᠤᠮ ᠃ ᠪᠢᠳᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠪᠣᠯᠣᠨ ᠡᠬᠢ ᠪᠠᠶᠠᠯᠢᠭ ᠢ ᠰᠠᠶᠢᠲᠤᠷ ᠠᠰᠢᠭᠯᠠᠨ ᠥᠪᠡᠷ ᠢ ᠪᠠᠨ ᠬᠥᠭᠵᠢᠭᠦᠯᠬᠦ ᠪᠥᠭᠡᠳ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠪᠢᠳᠡ ᠡᠩᠬᠡ ᠲᠠᠶᠢᠪᠤᠩ ᠂ ᠬᠥᠭᠵᠢᠯᠲᠡ ᠂ ᠬᠠᠮᠲᠤᠷᠠᠯᠴᠠᠭ᠎ᠠ ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ ᠂ ᠢᠮᠠᠭᠲᠠ ᠲᠡᠦᠬᠡ ᠶᠢᠨ ᠵᠥᠪ ᠲᠠᠯ᠎ᠠ ᠳᠤ ᠵᠣᠭᠰᠣᠵᠤ ᠂ ᠵᠢᠩᠬᠢᠨᠢ ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠦᠢᠯᠡᠳᠦᠯᠭᠡᠵᠢᠭᠦᠯᠵᠦ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠨᠠᠩ ᠣᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠢ ᠨᠡᠮᠡᠭᠳᠡᠭᠦᠯᠵᠦ ᠂ ᠮᠠᠨ ᠤ ᠤᠯᠤᠰ ᠤᠨ ᠬᠥᠭᠵᠢᠯᠲᠡ ᠳᠤ ᠰᠠᠶᠢᠨ ᠰᠠᠶᠢᠬᠠᠨ ᠳᠡᠯᠡᠬᠡᠢ ᠶᠢᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ ᠃

      ᠲᠥᠯᠥᠭᠡᠯᠡᠭᠴᠢᠳ ᠠ᠋ ︕

      ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ ᠂ ᠨᠠᠮ ᠮᠠᠨᠳᠤᠪᠠᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠃ ᠲᠣᠮᠣ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠴᠠᠭ ᠢᠮᠠᠭᠲᠠ ᠪᠠᠲᠤᠯᠠᠵᠤ  ᠂ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ ᠨᠢᠭᠡ ᠮᠥᠴᠡ ᠴᠤ ᠵᠣᠭᠰᠣᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ ᠂ ᠢᠯᠵᠠᠷᠠᠯ ᠢ  ᠭᠤᠶᠢᠪᠢᠰᠢ ᠦᠭᠡᠢ ᠡᠰᠡᠷᠭᠦᠴᠡᠵᠦ ᠂ ᠨᠠᠮ ᠤᠨ ᠪᠦᠯᠬᠦᠮᠳᠡᠯ ᠨᠢᠭᠡᠳᠦᠯ ᠢ ᠢᠮᠠᠭᠲᠠ ᠪᠠᠲᠤᠯᠠᠵᠤ ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ ᠂ ᠥᠩᠭᠡ ᠬᠤᠪᠢᠷᠠᠬᠤ ᠦᠭᠡᠢ ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃

      ᠲᠥᠯᠥᠭᠡᠯᠡᠭᠴᠢᠳ ᠠ᠋ ︕

      ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠬᠥᠮᠥᠰ ᠢ ᠵᠣᠷᠢᠭᠵᠢᠭᠤᠯᠵᠤ ᠂ ᠡᠷᠡᠮᠡᠬᠡᠶᠢᠯᠡᠨ ᠤᠷᠤᠭᠰᠢᠯᠠᠭᠤᠯᠵᠤ ᠪᠠᠶᠢᠨ᠎ᠠ ᠃ ᠪᠢᠳᠡ ᠥᠷᠯᠥᠭᠡ ᠦᠳᠡᠰᠢ ᠶᠢ ᠲᠡᠮᠡᠴᠡᠨ ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠨ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ ᠂ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ  ᠂ ᠵᠣᠷᠢᠭᠲᠠᠢ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠲᠠᠰᠤᠷᠠᠯᠲᠠ ᠦᠭᠡᠢ ᠬᠦᠴᠦ ᠨᠡᠮᠡᠷᠢᠯᠡᠨ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ ︕

      ᠲᠠ ᠪᠦᠭᠦᠨ ᠳᠤ ᠪᠠᠶᠠᠷᠯᠠᠯ᠎ᠠ ︕

︵ ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13᠎ ᠤ  ᠴᠠᠭᠢᠯᠭᠠᠨ ᠮᠡᠳᠡᠭᠡ ︶

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ