ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠪᠠ ᠠᠵᠢᠯ ᠤᠨ ᠭᠤᠣᠯᠳᠠᠯᠭ᠎ᠠ ᠶᠢᠨ ᠲᠤᠬᠠᠢ ᠯᠢ ᠴᠢᠶᠠᠩ ᠤᠨ ᠶᠠᠷᠢᠶ᠎ᠠ
ᠨᠡᠶᠢᠲᠡᠯᠡᠭᠰᠡᠨ ᠴᠠᠭ᠄
2023/3/15

 

      13᠎ ᠤ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠲᠠᠪᠬᠤᠷᠯᠢᠭ ᠤᠨ ᠠᠯᠲᠠᠨ ᠥᠩᠭᠡᠲᠦ ᠲᠢᠩᠬᠢᠮ ᠳᠤ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ ᠃

      ᠰᠤᠷᠪᠤᠯᠵᠢᠯᠠᠬᠴᠢ ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ ︖ ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ ︖ ᠠᠵᠢᠯ ᠢᠶᠠᠨ ᠬᠡᠷᠬᠢᠨ ᠥᠷᠨᠢᠭᠦᠯᠬᠦ ᠎ ᠪᠠᠷ ᠪᠤᠢ ︖

      ᠯᠢ ᠴᠢᠶᠠᠩ ᠄ ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ ᠃ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠴᠥᠮ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ ᠃

      ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠂ ᠰᠠᠶᠢᠲᠤᠷ ᠨᠠᠶᠢᠳᠠᠪᠤᠷᠢᠵᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠂ ᠯᠠᠪᠳᠠᠭᠤᠨ ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ ᠃

      ᠬᠤᠶᠢᠰᠢᠳᠠ ᠶᠢᠨ ᠠᠵᠢᠯ ᠤᠨ ᠳᠤᠮᠳᠠ ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ ᠄

      ᠨᠢᠭᠡᠳᠦᠭᠡᠷ ᠲᠤ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠪᠤᠢ ᠪᠣᠯᠭᠠᠨ᠎ᠠ ᠃ ᠦᠨᠡᠨ ᠢ ᠬᠡᠯᠡᠪᠡᠯ ᠂ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠄ ︽ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ ︾ ᠭᠡᠵᠦ ᠬᠡᠯᠡᠵᠦ ᠥᠩᠭᠡᠷᠡᠪᠡ ᠃ ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ ︽ ᠠᠷᠠᠳ ᠲᠦᠮᠡᠨ ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠃ ᠪᠤᠰᠤᠳᠴᠢ ᠪᠠᠷ ᠶᠠᠷᠢᠪᠠᠯ ᠂ ᠵᠣᠩᠬᠢᠯᠠᠬᠤ ᠤᠯᠠᠨ ᠲᠣᠭᠠᠨ ᠤ ᠬᠦᠮᠦᠰ GDP᠎ ᠶᠢᠨ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ ᠂ ᠬᠠᠷᠢᠨ ᠣᠷᠣᠨ ᠰᠠᠭᠤᠴᠠ ᠂ ᠠᠵᠢᠯ ᠣᠯᠭᠤᠯᠲᠠ ᠂ ᠣᠷᠣᠯᠭ᠎ᠠ ᠂ ᠰᠤᠷᠭᠠᠨ ᠬᠥᠮᠦᠵᠢᠯ ᠂ ᠡᠪᠡᠳᠴᠢᠨ ᠦᠵᠡᠭᠦᠯᠭᠦ ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠤᠳ ᠎ ᠢᠶᠠᠨ ᠨᠡᠩ ᠠᠩᠬᠠᠷᠴᠤ ᠪᠠᠶᠢᠳᠠᠭ ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠨ ᠠᠬᠢᠭᠤᠯᠵᠤ ᠂ ᠠᠷᠠᠳ ᠲᠦᠮᠡᠨ ᠬᠦᠰᠡᠯ ᠡᠷᠡᠮᠡᠯᠵᠡᠯ ᠲᠠᠢ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ ᠃

      ᠬᠤᠶᠠᠳᠤᠭᠠᠷ ᠲᠤ ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠡᠨᠡ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠤ ᠪᠠᠨ ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠵᠠᠢ ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ ᠪᠥᠭᠡᠳ ᠭᠦᠢᠴᠡᠳ ᠪᠤᠰᠤ ᠪᠠᠶᠢᠨ᠎ᠠ ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ ᠂ ᠬᠥᠮᠥᠨ ᠳᠤᠮᠳᠠᠴᠢ ᠶᠢᠨ ᠬᠢᠷᠢ ᠲᠥᠪᠰᠢᠨ ᠎ ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ ᠃ ᠤᠳᠤ ᠮᠠᠨ ᠤ ᠬᠥᠭᠵᠢᠯᠲᠡ ᠳᠤ ᠣᠯᠠᠩᠬᠢ ᠳᠤ ᠪᠠᠨ ᠵᠥᠪᠭᠡᠨ ︽ ᠪᠠᠶᠢᠬᠤ ᠡᠰᠡᠬᠦ ︾ ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ ᠂ ᠲᠠᠷᠠᠭᠠᠴᠢ ᠶᠢᠨ ᠠᠯᠬᠤᠮ ᠳᠤ ︽ ᠰᠠᠶᠢᠨ ᠡᠰᠡᠬᠦ ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ ᠃ ᠶᠡᠷᠦᠩᠬᠡᠢ ᠳᠤ ᠎ ᠨᠢ ᠠᠪᠴᠤ ᠬᠡᠯᠡᠪᠡᠯ ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠃

      ᠭᠤᠷᠪᠠᠳᠤᠭᠠᠷ ᠲᠤ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ ᠪᠠᠰᠠ ᠴᠤ ︽ ᠥᠭᠡᠷᠡᠴᠢᠯᠡᠯᠲᠡ ᠶᠢᠨ ᠬᠤᠭᠤᠯᠠ ᠶᠢ ᠢᠳᠡᠵᠦ ᠂ ᠨᠡᠭᠡᠭᠡᠯᠲᠡ ᠶᠢᠨ ᠵᠠᠮ ᠢᠶᠠᠷ ᠵᠠᠮᠨᠠᠬᠤ ︾ ᠬᠡᠷᠡᠭᠲᠡᠢ ᠃

ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠃

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ