ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠤᠳᠠᠭ᠎ᠠ ᠶᠢᠨ ᠭᠦᠢᠴᠡᠳᠬᠡᠬᠦ ᠵᠥᠪᠯᠡᠯ ᠤᠨ ᠬᠤᠷᠠᠯ ᠬᠤᠷᠠᠯᠳᠤᠪᠠ  ᠶᠠᠩ ᠸᠧᠢ ᠳ᠋ᠦᠩ ᠶᠠᠷᠢᠶ᠎ᠠ ᠲᠠᠯᠪᠢᠵᠤ  ᠪᠦᠦ ᠰᠢᠶᠠᠨ ᠬᠤᠸᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/3/15
      3 ᠰᠠᠷ᠎ᠠ ᠶᠢᠨ 13  ᠤ ᠡᠳᠦᠷ ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠤᠳᠠᠭ᠎ᠠ ᠶᠢᠨ ᠭᠦᠢᠴᠡᠳᠬᠡᠬᠦ ᠵᠥᠪᠯᠡᠯ ᠤᠨ ᠬᠤᠷᠠᠯ ᠬᠤᠷᠠᠯᠳᠤᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠢ ᠡᠷᠭᠢᠯᠡᠪᠡ ᠃      ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠤ ᠭᠦᠢᠴᠡᠳ ᠨᠤᠲᠠᠯᠠᠯᠲᠠ ᠥᠭᠴᠡᠢ ᠃ ᠲᠡᠷᠡ ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠵᠤ ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠬᠥᠲᠥᠯᠥᠨ ᠵᠢᠯᠤᠭᠤᠳᠴᠤ ︽ᠲᠠᠪᠤᠨ ᠥᠭᠦᠯᠡᠪᠦᠷᠢ ︾  ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ ᠂ ᠨᠠᠮ ᠤᠨ ᠠᠴᠢ ᠡᠨᠡᠷᠢᠯ ᠢ ᠮᠡᠳᠡᠷᠡᠵᠦ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠬᠤ ᠬᠡᠷᠡᠭᠲᠡᠢ ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠵᠦ ᠂ ︽ᠬᠤᠶᠠᠷ ᠶᠡᠭᠡ ᠶᠠᠪᠤᠳᠠᠯ ︾  ᠢ ᠰᠠᠶᠢᠲᠤᠷ ᠬᠢᠬᠦ ᠶᠢ ᠠᠬᠢᠭᠤᠯᠬᠤ ᠳᠤ ︽ᠬᠠᠭᠠᠰ ᠲᠤᠯᠭᠠᠭᠤᠷᠢ ︾  ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠃ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠡᠮᠡᠭᠲᠡᠶᠢᠴᠦᠳ ᠲᠤ ᠪᠣᠳᠠᠲᠤ ᠶᠠᠪᠤᠳᠠᠯ ᠢᠯᠡᠭᠦᠬᠡᠨ ᠬᠢᠵᠦ ᠥᠭᠴᠦ ᠂ ᠦᠨᠡᠨᠬᠦ ᠥᠷᠭᠡᠨ ᠤᠯᠠᠨ ᠡᠮᠡᠭᠲᠡᠶᠢᠴᠦᠳ ᠤᠨ ︽ ᠲᠥᠷᠬᠦᠮ  ᠤᠨ ᠬᠥᠮᠥᠨ ︾ ᠪᠤᠯᠬᠤ ᠬᠡᠷᠡᠭᠲᠡᠢ ᠃ ᠦᠨᠳᠦᠰᠦᠨ ᠱᠠᠲᠤ ᠶᠢ ᠶᠡᠭᠡ ᠪᠠᠷ ᠠᠳᠬᠤᠵᠤ ᠂ ᠰᠦᠯᠵᠢᠶ᠎ᠡ ᠶᠢ ᠶᠡᠭᠡ ᠪᠠᠷ ᠠᠳᠬᠤᠵᠤ ᠂ ᠡᠩᠨᠡᠭᠡ ᠶᠢ ᠶᠡᠭᠡ ᠪᠠᠷ ᠠᠳᠬᠤᠵᠤ ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠪᠣᠯᠣᠨ ᠰᠤᠷᠲᠠᠯ ᠤᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠭᠦᠨᠵᠡᠭᠡᠶᠢᠷᠡᠭᠦᠯᠬᠦ ᠬᠡᠷᠡᠭᠲᠡᠢ ᠭᠡᠵᠡᠢ ᠃      ᠬᠤᠷᠠᠯ ᠳᠡᠭᠡᠷ᠎ᠡ ᠪᠠᠰᠠ ︽ 3 · 8 ︾ ᠤ ᠤᠯᠠᠭᠠᠨ ᠲᠤᠭᠴᠢ ᠂ ︽ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ ︾ ᠵᠡᠷᠭᠡ ᠬᠠᠮᠲᠤ ᠨᠡᠶᠢᠲᠡ ᠪᠠ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ