ᠤᠯᠠᠭᠠᠨᠬᠠᠳᠠ ᠬᠤᠲᠠ ᠶᠢᠨ ᠭᠤᠷᠪᠠᠨ ᠭᠠᠵᠠᠷ ᠤᠯᠤᠰ ᠤᠨ ᠲᠠᠰ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/3/15
      ᠣᠶᠢᠷ᠎ᠠ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ 2021 ︱ 2025 ᠣᠨ ᠤ ᠬᠤᠶᠠᠳᠠᠭᠢ ᠪᠦᠯᠦᠭ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ︵ᠬᠤᠲᠠ᠂ ᠲᠣᠭᠤᠷᠢᠭ︶ ᠤ ᠨᠡᠷᠡᠰ ᠢ ᠨᠡᠶᠢᠲᠡᠯᠡᠵᠦ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ᠂ ᠠᠷᠤ ᠬᠤᠷᠴᠢᠨ ᠬᠤᠰᠢᠭᠤ᠂ ᠬᠡᠰᠢᠭᠲᠡᠨ ᠬᠤᠰᠢᠭᠤ ᠰᠣᠩᠭᠤᠭᠳᠠᠭᠰᠠᠨ ᠪᠠᠶᠢᠨ᠎ᠠ ᠃      ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ︵ᠬᠤᠲᠠ᠂ ᠲᠣᠭᠤᠷᠢᠭ︶ ᠢ ᠡᠭᠦᠳᠦᠨ ᠪᠠᠶᠢᠭᠤᠯᠵᠤ ᠮᠠᠭᠠᠳᠯᠠᠨ ᠲᠣᠭᠲᠠᠭᠠᠬᠤ ᠪᠣᠯ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠦᠨᠳᠦᠰᠦᠨ ᠱᠠᠲᠤᠨ ᠤ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ ᠂ ︽ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2021 ︱ 2035 ᠣᠨ︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠥᠷᠭᠡᠨ ᠣᠯᠠᠨ ᠰᠢᠨᠵᠢᠯᠡᠬᠦ ᠤᠬᠠᠭᠠᠨ ᠤ ᠠᠵᠢᠯᠲᠠᠨ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠵᠣᠬᠢᠴᠠᠩᠭᠤᠢ ᠪᠥᠭᠡᠳ ᠦᠷᠭᠦᠯᠵᠢᠯᠡᠡ ᠬᠥᠭᠵᠢᠬᠦ ᠶᠢ ᠠᠬᠢᠭᠤᠯᠬᠤ ᠶᠢᠨ ᠲᠥᠯᠥᠭᠡ ᠥᠷᠨᠢᠭᠦᠯᠦᠭᠰᠡᠨ ᠠᠵᠢᠯ ᠪᠣᠯᠣᠨ᠎ᠠ᠃ ᠰᠢᠶᠠᠨ ᠤ ᠱᠠᠲᠤᠨ ᠠᠴᠠ ᠥᠪᠡᠰᠦᠪᠡᠨ ᠦᠨᠡᠯᠡᠨ ᠂ ᠬᠤᠲᠠ ᠶᠢᠨ ᠱᠠᠲᠤᠨ ᠠᠴᠠ ᠬᠢᠨᠠᠨ ᠬᠠᠷᠭᠤᠭᠤᠯᠤᠨ ᠂ ᠮᠤᠵᠢ ᠶᠢᠨ ᠱᠠᠲᠤᠨ ᠠᠴᠠ ᠰᠢᠯᠭᠠᠨ ᠠᠪᠴᠦ ᠂ ᠮᠤᠵᠢ ᠠᠯᠤᠰᠯᠠᠨ ᠰᠤᠭᠤᠴᠢᠨ ᠪᠠᠶᠢᠴᠠᠭᠠᠬᠤ ᠪᠠ ᠲᠤᠰᠬᠠᠢ ᠮᠡᠷᠭᠡᠵᠢᠯᠲᠡᠨ ᠢᠶᠠᠷ ᠦᠨᠡᠯᠡᠭᠦᠯᠦᠭᠰᠡᠨ ᠤ ᠳᠠᠷᠠᠭ᠎ᠠ᠂ ᠬᠠᠮᠤᠭ ᠤᠨ ᠡᠴᠦᠰ ᠲᠤ ᠮᠠᠭᠠᠳᠯᠠᠨ ᠲᠣᠭᠲᠠᠭᠠᠬᠤ ᠨᠡᠷᠡᠰ ᠢ ᠲᠣᠭᠲᠠᠭᠠᠳᠠᠭ᠃ ᠲᠣᠰ ᠤᠳᠠᠭ᠎ᠠ ᠳᠤ ᠥᠪᠡᠷᠲᠡᠭᠡᠨ ᠵᠠᠰᠠᠬᠤ ᠣᠷᠣᠨ ᠤ ᠨᠡᠶᠢᠲᠡ 16 ᠬᠤᠰᠢᠭᠤ ᠰᠢᠶᠠᠨ ︵ᠬᠤᠲᠠ᠂ ᠲᠣᠭᠤᠷᠢᠭ︶ ᠨᠢ 2021 ︱ 2025 ᠣᠨ ᠤ ᠬᠤᠶᠠᠳᠠᠭᠢ ᠪᠦᠯᠦᠭ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ︵ᠬᠤᠲᠠ᠂ ᠲᠣᠭᠤᠷᠢᠭ︶ ᠢᠶᠠᠷ ᠦᠨᠡᠯᠡᠭᠳᠡᠪᠡ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ