ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠤᠳᠤᠷᠢᠳᠬᠤ ᠬᠥᠮᠥᠰ ᠢ ᠰᠣᠩᠭᠤᠨ ᠭᠠᠷᠭᠠᠪᠠ  ᠰᠢ ᠶᠢᠨ ᠫᠢᠩ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/3/16

      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠤᠳᠤᠷᠢᠳᠬᠤ ᠬᠥᠮᠥᠰ ᠢ ᠰᠣᠩᠭᠤᠨ ᠭᠠᠷᠭᠠᠪᠠ   

      ᠰᠢ ᠶᠢᠨ ᠫᠢᠩ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠪᠠ

       ᠵᠣᠣ ᠯᠧ ᠵᠢᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠭᠳᠠᠪᠠ   

      ᠬᠠᠨ ᠵᠧᠩ ᠤᠯᠤᠰ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠪᠠ   

      ᠰᠢᠨ᠎ᠡ ᠪᠠᠷ ᠰᠣᠩᠭᠤᠭᠳᠠᠭᠰᠠᠨ ᠳᠦᠷᠦ ᠶᠢᠨ ᠤᠳᠤᠷᠢᠳᠬᠤ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠪᠠ   

      ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠵᠥᠪᠰᠢᠶᠡᠷᠡᠵᠡᠢ

 

      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ 10᠎ ᠤ ᠦᠳᠡ ᠶᠢᠨ ᠡᠮᠦᠨ᠎ᠡ ᠰᠢ ᠶᠢᠨ ᠫᠢᠩ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠪᠠ ᠃

      ᠡᠨᠡ ᠬᠦ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠬᠦ ᠦᠶ᠎ᠡ ᠳᠤ ᠂ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃

      ᠬᠤᠷᠠᠯ ᠠᠴᠠ ᠪᠠᠰᠠ ᠵᠤᠤ ᠯᠧ ᠵᠢᠢ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠵᠤ ᠂ ᠬᠠᠨ ᠵᠧᠩ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ ᠰᠣᠩᠭᠤᠪᠠ ᠃

      ᠦᠳᠡ ᠶᠢᠨ ᠡᠮᠦᠨᠡᠬᠢ 9 ᠴᠠᠭ ᠲᠤ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠭᠤᠷᠪᠠᠳᠤᠭᠠᠷ ᠪᠦᠭᠦᠳᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠵᠠᠢ ᠃

      ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠨᠠᠷ ᠬᠤᠷᠠᠯ ᠳᠤ ᠣᠷᠣᠯᠴᠠᠵᠠᠢ ᠃

      ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ ᠂ 2952 ᠬᠥᠮᠥᠨ ᠣᠷᠣᠯᠴᠠᠵᠤ ᠂ 25 ᠬᠥᠮᠥᠨ ᠣᠷᠣᠯᠴᠠᠬᠰᠠᠨ ᠦᠭᠡᠢ ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃

      ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠂ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠯᠢ ᠭᠠᠨ ᠵᠢᠶᠧ ᠬᠤᠷᠠᠯ ᠢ ᠡᠷᠭᠢᠯᠡᠪᠡ ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠵᠢᠶᠦ᠋ᠨ ᠵᠧᠩ ᠂ ᠸᠠᠩ ᠮᠧᠩ ᠬᠤᠢ ᠂ ᠰᠢᠦᠢ ᠴᠢᠨ ᠂ ᠱᠧᠨ ᠰᠢᠶᠣᠣ ᠮᠢᠩ ᠂ ᠵᠧᠦ ᠽᠦ ᠢ ᠂ 

ᠵᠧᠩ ᠵᠢᠶᠠᠨ ᠮᠢᠨ ᠂ ᠯᠢᠶᠠᠩ ᠶᠠᠨ ᠱᠦᠨ ᠂ ᠢᠦᠢ ᠶᠦᠨ ᠯᠢᠨ ᠂ ᠯᠠᠨ ᠹᠥᠸᠧ ᠠᠨ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢᠳ ᠤᠨ ᠰᠠᠭᠤᠳᠠᠯ ᠳᠤ ᠰᠠᠭᠠᠲᠠᠪᠠ ᠃


0313十四届全国人大一次会议选举产生新一届国家领导人.jpg

 

      3 ᠰᠠᠷ᠎ᠠ ᠶᠢᠨ 10᠎ ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠠᠢ ᠃ ᠰᠢ ᠶᠢᠨ ᠫᠢᠩ ᠪᠦᠷᠢᠨ ᠪᠢᠯᠧᠲ ᠢᠶᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠪᠠ ᠃ ᠵᠢᠷᠤᠭ ᠪᠣᠯ ᠰᠢ ᠶᠢᠨ ᠫᠢᠩ ᠦᠨᠳᠦᠰᠦᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ ᠃ 

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠵᠢᠦᠢ ᠫᠧᠩ  ᠰᠡᠭᠦᠳᠡᠷᠯᠡᠪᠡ

 

      ᠬᠤᠷᠠᠯ ᠠᠴᠠ ᠡᠩ ᠲᠡᠷᠢᠭᠦᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠎ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠣᠭᠲᠠᠭᠠᠯ ᠢ ᠪᠠᠲᠤᠯᠠᠵᠤ ᠂ ᠡᠨᠡ ᠬᠦ ᠲᠥᠰᠥᠯ ᠢ ᠵᠥᠪᠰᠢᠶᠡᠷᠡᠪᠡ ᠃ ᠶᠡᠭᠡ ᠬᠤᠷᠠᠯ ᠠᠴᠠ ᠂ ᠲᠦᠷᠦ ᠶᠢᠨ ᠶᠠᠪᠤᠳᠠᠯ ᠤᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠂ ᠨᠠᠷᠢᠨ ᠨᠢᠮᠪᠠᠢ ᠪᠠᠶᠢᠷᠢᠯᠠᠭᠤᠯᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠣᠩᠭᠤᠭᠤᠯᠢ ᠬᠢᠬᠦ ᠪᠠ ᠲᠤᠰᠢᠶᠠᠯ ᠳᠤ ᠲᠣᠮᠢᠯᠠᠬᠤ ᠶᠢ ᠲᠣᠭᠲᠠᠭᠠᠬᠤ ᠠᠷᠭ᠎ᠠ ᠶᠢ ᠪᠠᠲᠤᠯᠠᠵᠠᠢ ᠃

      ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠪᠠᠲᠤᠯᠠᠬᠤ ᠪᠠᠷ ᠳᠠᠮᠵᠢᠨ 35 ᠲᠥᠯᠥᠭᠡᠯᠡᠭᠴᠢ ᠪᠠᠷ ᠪᠦᠷᠢᠯᠳᠦᠭᠰᠡᠨ ᠶᠡᠷᠦᠩᠬᠡᠢ ᠪᠢᠯᠧᠲ ᠬᠢᠨᠠᠭᠴᠢ ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ ᠃ ᠱᠢ ᠰᠢᠶᠣᠣ ᠯᠢᠨ ᠂ ᠯᠢᠨ ᠬᠤᠩ ᠪᠣᠯ ᠶᠡᠷᠦᠩᠬᠡᠢ ᠪᠢᠯᠧᠲ ᠬᠢᠨᠠᠭᠴᠢ ᠪᠣᠯᠣᠨ᠎ᠠ ᠃

      9 ᠴᠠᠭ 27 ᠮᠢᠨᠦ᠋ᠲ ᠲᠤ ᠰᠣᠩᠭᠤᠭᠤᠯᠢ ᠵᠢᠩᠬᠢᠨᠢ ᠪᠠᠷ ᠡᠬᠢᠯᠡᠪᠡ ᠃ ᠪᠢᠯᠧᠲ ᠬᠢᠨᠠᠭᠴᠢ ᠡᠩ ᠲᠡᠷᠢᠭᠦᠨ ᠳᠤ ᠬᠤᠷᠠᠯ ᠤᠨ ᠲᠠᠯᠠᠪᠠᠢ ᠳᠤ ᠪᠠᠶᠢᠭ᠎ᠠ 28 ᠡᠯᠧᠺᠲᠷᠣᠨ ᠪᠢᠯᠧᠲ ᠤᠨ ᠬᠠᠶᠢᠷᠴᠠᠭ ᠂ ᠡᠯᠧᠺᠲᠷᠣᠨ ᠰᠣᠩᠭᠤᠭᠤᠯᠢ ᠶᠢᠨ ᠰᠢᠰᠲ᠋ᠧᠮ ᠢ ᠪᠠᠶᠢᠴᠠᠭᠠᠪᠠ ᠃ ᠵᠠᠯᠭᠠᠭᠠᠳ ᠠᠵᠢᠯᠲᠠᠳ ᠰᠣᠩᠭᠤᠭᠤᠯᠢ ᠶᠢᠨ ᠪᠢᠯᠧᠲ ᠢ ᠲᠠᠷᠬᠠᠭᠠᠵᠤ ᠡᠬᠢᠯᠡᠪᠡ ᠃ 4 ᠠᠳᠠᠯᠢ ᠪᠤᠰᠤ ᠥᠩᠭᠡ ᠲᠠᠢ ᠰᠣᠩᠭᠤᠭᠤᠯᠢ ᠶᠢᠨ ᠪᠢᠯᠧᠲ ᠢ ᠲᠥᠯᠥᠭᠡᠯᠡᠭᠴᠢ ᠨᠢᠭᠡ ᠪᠦᠷᠢ ᠳᠤ ᠬᠤᠪᠢᠶᠠᠵᠤ ᠥᠭᠪᠡ ᠃ ᠰᠣᠩᠭᠤᠭᠤᠯᠢ ᠶᠢᠨ ᠪᠢᠯᠧᠲ ᠢ ᠤᠯᠤᠰ ᠤᠨ ᠨᠡᠶᠢᠳᠡᠮ ᠬᠡᠷᠡᠭᠯᠡᠬᠦ ᠦᠰᠦᠭ ᠪᠢᠴᠢᠭ ᠪᠠ 7 ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠢᠶᠠᠷ ᠳᠠᠷᠤᠮᠠᠯᠯᠠᠨ ᠵᠣᠬᠢᠶᠠᠵᠠᠢ ᠃

      ᠳᠠᠷᠠᠭ᠎ᠠ ᠨᠢ ᠲᠥᠯᠥᠭᠡᠯᠡᠭᠴᠢᠳ ᠪᠢᠯᠧᠲ ᠲᠠᠭᠯᠠᠵᠤ ᠡᠬᠢᠯᠡᠪᠡ ᠃ ᠬᠤᠷᠠᠯ ᠤᠨ ᠠᠷᠤ ᠲᠣᠭᠤᠷᠢᠭ ᠲᠤ ᠨᠢᠭᠤᠴᠠ ᠪᠠᠷ ᠪᠢᠯᠧᠲ ᠲᠠᠭᠯᠠᠬᠤ ᠭᠠᠵᠠᠷ ᠲᠣᠬᠢᠷᠠᠭᠤᠯᠵᠠᠢ ᠃

      ᠰᠣᠩᠭᠤᠭᠤᠯᠢ ᠬᠢᠬᠦ ᠪᠠ ᠲᠤᠰᠢᠶᠠᠯ ᠳᠤ ᠲᠣᠮᠢᠯᠠᠬᠤ ᠶᠢ ᠲᠣᠭᠲᠠᠭᠠᠬᠤ ᠠᠷᠭ᠎ᠠ ᠶᠢ ᠦᠨᠳᠦᠰᠦᠯᠡᠨ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠂ ᠳᠡᠳ᠋ ᠬᠤᠷᠢᠶᠠᠨ ᠳᠠᠷᠤᠭ᠎ᠠ ᠂ ᠨᠠᠷᠢᠨ ᠪᠢᠴᠢᠭ ᠤᠨ ᠳᠠᠷᠤᠭ᠎ᠠ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠶᠢ ᠲᠡᠩᠴᠡᠭᠦᠦ ᠲᠤᠭ᠎ᠠ ᠪᠠᠷ ᠰᠣᠩᠭᠤᠪᠠ ᠃

      9 ᠴᠠᠭ 51 ᠮᠢᠨᠦ᠋ᠲ ᠲᠤ ᠂ ᠶᠡᠷᠦᠩᠬᠡᠢ ᠪᠢᠯᠧᠲ ᠬᠢᠨᠠᠭᠴᠢ ᠂ ᠪᠢᠯᠧᠲ ᠬᠢᠨᠠᠭᠴᠢ ᠡᠩ ᠲᠡᠷᠢᠭᠦᠨ ᠳᠤ ᠪᠢᠯᠧᠲ ᠥᠭᠪᠡ ᠃ ᠳᠠᠷᠠᠭ᠎ᠠ ᠨᠢ ᠲᠥᠯᠥᠭᠡᠯᠡᠭᠴᠢᠳ ᠪᠢᠯᠧᠲ ᠥᠭᠴᠦ ᠡᠬᠢᠯᠡᠪᠡ ᠃ ᠪᠢᠯᠧᠲ ᠥᠭᠴᠦ ᠳᠠᠭᠤᠰᠤᠭᠰᠠᠨ ᠤ ᠳᠠᠷᠠᠭ᠎ᠠ ᠂ ᠶᠡᠷᠦᠩᠬᠡᠢ ᠪᠢᠯᠧᠲ ᠬᠢᠨᠠᠭᠴᠢ ᠠᠴᠠ ᠰᠣᠩᠭᠤᠭᠤᠯᠢ ᠶᠢᠨ ᠪᠢᠯᠧᠲ ᠢ ᠲᠠᠷᠬᠠᠭᠠᠭᠰᠠᠨ ᠪᠠ ᠬᠤᠷᠢᠶᠠᠭᠰᠠᠨ ᠪᠠᠶᠢᠳᠠᠯ ᠢ ᠮᠡᠳᠡᠭᠦᠯᠵᠦ ᠰᠣᠩᠭᠤᠭᠤᠯᠢ ᠬᠦᠴᠦᠨ ᠲᠠᠢ ᠪᠣᠯᠤᠭᠰᠠᠨ ᠢ ᠨᠡᠶᠢᠲᠡᠯᠡᠪᠡ ᠃

      ᠠᠵᠢᠯᠲᠠᠨ ᠪᠢᠯᠧᠲ ᠢ ᠪᠦᠷᠢᠳᠬᠡᠭᠰᠡᠨ ᠦᠷ᠎ᠡ ᠳ᠋ᠦᠩ ᠢ ᠤᠩᠰᠢᠨ ᠨᠡᠶᠢᠲᠡᠯᠡᠪᠡ ᠃

      ᠪᠢᠯᠧᠲ ᠢ ᠪᠦᠷᠢᠳᠬᠡᠭᠰᠡᠨ ᠳ᠋ᠦᠩ ᠳᠤ ᠢᠯᠡᠷᠡᠭᠦᠯᠦᠭᠰᠡᠨ ᠢᠶᠠᠷ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠶᠢᠨ ᠰᠣᠩᠭᠤᠭᠤᠯᠢ ᠳᠤ ᠰᠢ ᠶᠢᠨ ᠫᠢᠩ ᠨᠠᠶᠢᠳᠠ 2952 ᠵᠥᠪᠰᠢᠶᠡᠷᠡᠯ ᠤᠨ ᠪᠦᠷᠢᠨ ᠪᠢᠯᠧᠲ ᠣᠯᠵᠠᠢ ᠃ ᠲᠠᠯᠠᠪᠠᠢ ᠳᠠᠶᠠᠭᠠᠷ ᠪᠣᠰᠴᠤ ᠵᠣᠭᠰᠣᠨ ᠂ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ ᠃

      ᠬᠤᠷᠠᠯ ᠡᠷᠭᠢᠯᠡᠭᠴᠢ ᠠᠴᠠ ᠨᠡᠶᠢᠲᠡᠯᠡᠭᠰᠡᠨ ᠨᠢ ᠄

      ᠰᠢ ᠶᠢᠨ ᠫᠢᠩ ᠨᠥᠬᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠪᠠᠷ ᠰᠣᠩᠭᠤᠭᠳᠠᠪᠠ ᠃

      ᠰᠢ ᠶᠢᠨ ᠫᠢᠩ ᠲᠥᠯᠥᠭᠡᠯᠡᠭᠴᠢᠳ ᠲᠤ ᠮᠡᠬᠦᠶᠢᠨ ᠶᠣᠰᠣᠯᠠᠵᠤ ᠂ ᠪᠦᠭᠦ ᠲᠥᠯᠥᠭᠡᠯᠡᠭᠴᠢᠳ ᠤᠳᠠᠲᠠᠯ᠎ᠠ ᠬᠠᠯᠠᠭᠤᠨ ᠠᠯᠠᠭ᠎ᠠ ᠲᠡᠰᠢᠯᠲᠡ ᠪᠠᠷ ᠰᠢ ᠶᠢᠨ ᠫᠢᠩ ᠳᠤ ᠬᠦᠨᠳᠦᠳᠬᠡᠯ ᠳᠡᠪᠰᠢᠭᠦᠯᠪᠡ ᠃ ᠳᠡᠷᠭᠡᠳᠡ ᠨᠢ ᠵᠣᠭᠰᠣᠵᠤ ᠪᠠᠶᠢᠭᠰᠠᠨ ᠯᠢ ᠵᠠᠨ ᠱᠣ᠋ ᠂ ᠯᠢ ᠴᠢᠶᠠᠩ ᠲᠤᠰ ᠲᠤᠰ ᠰᠢ ᠶᠢᠨ ᠫᠢᠩ ᠲᠠᠢ ᠭᠠᠷ ᠠᠳᠬᠤᠵᠤ ᠂ ᠲᠡᠭᠦᠨ ᠳᠤ ᠪᠠᠶᠠᠷ ᠬᠦᠷᠭᠡᠪᠡ ᠃

      ᠬᠤᠷᠠᠯ ᠡᠷᠭᠢᠯᠡᠭᠴᠢ ᠠᠴᠠ ᠰᠢ ᠶᠢᠨ ᠫᠢᠩ ᠨᠥᠬᠦᠷ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠭᠰᠠᠨ ᠢ ᠨᠡᠶᠢᠲᠡᠯᠡᠬᠦ ᠳᠤ ᠂ ᠬᠤᠷᠠᠯ ᠤᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠳᠠᠬᠢᠨᠲᠠ ᠨᠢᠵᠢᠭᠢᠨᠡᠵᠦ ᠂ ᠰᠢ ᠶᠢᠨ ᠫᠢᠩ ᠲᠥᠯᠥᠭᠡᠯᠡᠭᠴᠢᠳ ᠲᠤ ᠳᠠᠬᠢᠨᠲᠠ ᠮᠡᠬᠦᠶᠢᠨ ᠶᠣᠰᠣᠯᠠᠪᠠ ᠃

      ᠳᠠᠷᠠᠭ᠎ᠠ ᠨᠢ ᠬᠤᠷᠠᠯ ᠡᠷᠭᠢᠯᠡᠭᠴᠢ ᠠᠴᠠ ᠵᠠᠯᠭᠠᠭ᠎ᠠ ᠪᠠᠷ ᠨᠡᠶᠢᠲᠡᠯᠡᠭᠰᠡᠨ ᠨᠢ ᠄

      ᠵᠣᠣ ᠯᠧ ᠵᠢᠢ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠭᠳᠠᠪᠠ ᠃

      ᠬᠠᠨ ᠵᠧᠩ ᠨᠥᠬᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠪᠠ ᠃

      ᠯᠢ ᠬᠤᠩ ᠵᠦᠩ ᠂ ᠸᠠᠩ ᠳ᠋ᠦᠩ ᠮᠢᠩ ᠂ ᠰᠢᠶᠣᠣ ᠵᠢᠶᠧ ᠂ ᠵᠧᠩ ᠵᠢᠶᠠᠨ ᠪᠠᠩ ᠂ ᠳ᠋ᠢᠩ ᠵᠦᠩ ᠯᠢ ᠂ ᠬᠤᠤ ᠮᠢᠩ ᠶᠢᠨ ᠂ ᠼᠠᠢ ᠳ᠋ᠠ ᠹᠧᠩ ᠂ ᠾᠧ ᠸᠧᠢ ᠂ ᠦ᠋ ᠸᠧᠢ ᠬᠤᠸᠠ ᠂ ᠲᠢᠶᠧ ᠨᠢᠩ ᠂ ᠫᠧᠩ ᠴᠢᠩ ᠬᠤᠸᠠ ᠂ ᠵᠠᠩ ᠴᠢᠩ ᠸᠧᠢ ᠂ ᠯᠣᠪᠰᠠᠩᠵᠠᠯᠰᠠᠨ ᠂ ᠰᠢᠤᠸᠠᠶᠢᠺᠧᠯᠠᠶᠢᠲ · ᠵᠠᠺᠧᠯ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠪᠠᠷ ᠰᠣᠩᠭᠤᠭᠳᠠᠪᠠ ᠃

      ᠯᠢᠦ ᠴᠢ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠪᠠ ᠃

      ᠰᠣᠩᠭᠤᠭᠤᠯᠢ ᠪᠣᠯᠭᠠᠨ ᠤ ᠦᠷ᠎ᠡ ᠳ᠋ᠦᠩ ᠢ ᠨᠡᠶᠢᠲᠡᠯᠡᠬᠦ ᠦᠶᠡᠰ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ ᠃

      ᠠᠯᠠᠭ᠎ᠠ ᠲᠡᠰᠢᠯᠲᠡ ᠶᠢᠨ ᠲᠠᠭᠤᠨ ᠤ ᠳᠤᠮᠳᠠ ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ ᠵᠢᠢ ᠪᠣᠰᠴᠤ ᠵᠣᠭᠰᠣᠨ ᠂ ᠲᠥᠯᠥᠭᠡᠯᠡᠭᠴᠢᠳ ᠲᠤ ᠮᠡᠬᠦᠶᠢᠨ ᠶᠣᠰᠣᠯᠠᠪᠠ ᠃ ᠲᠠᠷᠠᠭ᠎ᠠ ᠨᠢ ᠂ ᠲᠡᠷᠡ ᠰᠢ ᠶᠢᠨ ᠫᠢᠩ ᠤᠨ ᠳᠡᠷᠭᠡᠳᠡ ᠬᠦᠷᠴᠦ ᠂ ᠬᠤᠶᠠᠭᠤᠯᠠ ᠳᠣᠲᠣᠨᠣᠰᠤᠭ ᠢᠶᠠᠷ ᠭᠠᠷ ᠠᠳᠬᠤᠯᠴᠠᠨ ᠂ ᠰᠢ ᠶᠢᠨ ᠫᠢᠩ ᠲᠡᠭᠦᠨ ᠳᠤ ᠪᠠᠶᠠᠷ ᠬᠦᠷᠭᠡᠪᠡ ᠃ ᠵᠤᠤ ᠯᠧ ᠵᠢᠢ ᠪᠠᠰᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠯᠢ ᠵᠠᠨ ᠱᠤ᠋ ᠲᠠᠢ ᠭᠠᠷ ᠠᠳᠬᠤᠵᠤ ᠬᠠᠷᠢᠯᠴᠠᠨ ᠮᠡᠨᠳᠦᠴᠢᠯᠡᠪᠡ ᠃

      ᠠᠯᠠᠭ᠎ᠠ ᠲᠡᠰᠢᠯᠲᠡ ᠶᠢᠨ ᠲᠠᠭᠤᠨ ᠤ ᠳᠤᠮᠳᠠ ᠂ ᠰᠢᠨ᠎ᠡ ᠪᠠᠷ ᠰᠣᠩᠭᠤᠭᠳᠠᠭᠰᠠᠨ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠪᠣᠰᠴᠤ ᠵᠣᠭᠰᠣᠨ ᠂ ᠲᠥᠯᠥᠭᠡᠯᠡᠭᠴᠢᠳ ᠲᠤ ᠮᠡᠬᠦᠶᠢᠨ ᠶᠣᠰᠣᠯᠠᠪᠠ ᠃ ᠲᠠᠷᠠᠭ᠎ᠠ ᠨᠢ ᠂ ᠲᠡᠷᠡ ᠰᠢ ᠶᠢᠨ ᠫᠢᠩ ᠤᠨ ᠳᠡᠷᠭᠡᠳᠡ ᠬᠦᠷᠴᠦ ᠂ ᠬᠤᠶᠠᠭᠤᠯᠠ ᠳᠣᠲᠣᠨᠣᠰᠤᠭ ᠢᠶᠠᠷ ᠭᠠᠷ ᠠᠳᠬᠤᠯᠴᠠᠨ ᠂ ᠰᠢ ᠶᠢᠨ ᠫᠢᠩ ᠲᠡᠭᠦᠨ ᠳᠤ ᠪᠠᠶᠠᠷ ᠬᠦᠷᠭᠡᠪᠡ ᠃ ᠬᠠᠨ ᠵᠧᠩ ᠪᠠᠰᠠ ᠸᠠᠩ ᠴᠢ ᠱᠠᠨ ᠨᠥᠬᠦᠷ ᠲᠠᠢ ᠭᠠᠷ ᠠᠳᠬᠤᠵᠤ ᠬᠠᠷᠢᠯᠴᠠᠨ ᠮᠡᠨᠳᠦᠴᠢᠯᠡᠪᠡ ᠃

      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠲᠤᠬᠠᠢ ᠵᠣᠬᠢᠶᠠᠨ ᠪᠠᠶᠢᠭᠤᠯᠤᠯᠲᠠ ᠶᠢᠨ ᠠᠷᠭ᠎ᠠ ᠶᠢ ᠦᠨᠳᠦᠰᠦᠯᠡᠨ ᠂ ᠪᠦᠭᠦᠳᠡ ᠬᠤᠷᠠᠯ ᠤᠨ ᠡᠯ᠎ᠡ ᠵᠥᠪᠯᠡᠭᠦ ᠵᠦᠢᠯ ᠶᠠᠪᠤᠭᠳᠠᠵᠤ ᠪᠠᠷᠠᠭᠰᠠᠨ ᠤ ᠳᠠᠷᠠᠭ᠎ᠠ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠳᠠᠯ᠎ᠠ ᠃

      11 ᠴᠠᠭ 7 ᠮᠢᠨᠦ᠋ᠲ ᠲᠤ ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠭᠦᠮ ᠤᠨ ᠪᠦᠷᠢᠶᠡᠴᠢᠳ ᠲᠠᠩᠭᠠᠷᠢᠭᠯᠠᠬᠤ ᠶᠣᠰᠣᠯᠠᠯ ᠤᠨ ᠬᠥᠭᠵᠢᠮ ᠢ ᠬᠥᠭᠵᠢᠮᠳᠡᠪᠡ ᠃

      ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢᠨ 12 ᠶᠣᠰᠣᠯᠠᠯ ᠤᠨ ᠴᠡᠷᠢᠭ ᠬᠤᠶᠠᠷ ᠭᠠᠷᠯᠠᠨ ᠬᠤᠷᠠᠯ ᠤᠨ ᠲᠠᠯᠠᠪᠠᠶ ᠶᠢᠨ ᠠᠷᠤ ᠲᠠᠯ᠎ᠠ ᠠᠴᠠ ᠲᠥᠪ ᠠᠯᠬᠤᠭ᠎ᠠ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠵᠦ ᠵᠣᠭᠰᠣᠪᠠ ᠃

      ᠪᠦᠭᠦᠳᠡᠭᠡᠷ ᠪᠣᠰᠴᠤ ᠵᠣᠭᠰᠣᠪᠠ ᠃ ᠲᠡᠷᠢᠭᠦᠯᠡᠭᠴᠢ ᠶᠢᠨ ᠲᠠᠶᠢᠰᠠᠨ ᠳᠡᠭᠡᠷ᠎ᠡ ᠂ 3 ᠶᠣᠰᠣᠯᠠᠯ ᠤᠨ ᠴᠡᠷᠢᠭ ᠲᠥᠪ ᠠᠯᠬᠤᠭ᠎ᠠ ᠪᠠᠷ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠎ ᠶᠢ ᠬᠠᠮᠠᠭᠠᠯᠠᠨ ᠲᠠᠯᠠᠪᠠᠢ ᠳᠤ ᠣᠷᠣᠵᠤ ᠂ ᠦᠨᠳᠦᠰᠦᠨ ᠬᠠᠤᠯᠢ ᠶᠢᠨ ᠪᠢᠴᠢᠭ ᠢ ᠲᠠᠩᠭᠠᠷᠢᠭᠯᠠᠬᠤ ᠲᠠᠶᠢᠰᠠᠨ ᠳᠡᠭᠡᠷ᠎ᠡ ᠲᠠᠯᠪᠢᠪᠠ ᠃

      ᠴᠡᠷᠢᠭ ᠤᠨ ᠬᠥᠭᠵᠢᠮ ᠤᠨ ᠪᠦᠯᠭᠦᠮ ᠤᠨ ᠬᠥᠭᠵᠢᠮ ᠤᠨ ᠬᠠᠪᠰᠤᠷᠭᠠᠯ ᠳᠣᠣᠷ᠎ᠠ ᠂ ᠲᠠᠯᠠᠪᠠᠢ ᠳᠠᠶᠠᠭᠠᠷ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ ᠃

      ᠲᠠᠷᠠᠭ᠎ᠠ ᠨᠢ ᠂ ᠠᠵᠢᠯᠲᠠᠨ ᠠᠴᠠ ᠄ ᠤᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠠᠩᠭᠠᠷᠢᠭᠯᠠᠨ᠎ᠠ ᠭᠡᠵᠦ ᠲᠤᠩᠬᠠᠭᠯᠠᠪᠠ ᠃

      ᠲᠡᠷᠢᠭᠦᠯᠡᠭᠴᠢ ᠲᠠᠶᠢᠰᠠᠨ ᠳᠤ ᠭᠠᠷᠬᠤ ᠪᠦᠷᠢᠶᠡᠨ ᠲᠠᠭᠤᠨ ᠤ ᠳᠤᠮᠳᠠ ᠂ ᠰᠢᠨ᠎ᠡ ᠪᠠᠷ ᠰᠣᠩᠭᠤᠭᠳᠠᠭᠰᠠᠨ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠤ ᠰᠠᠭᠤᠳᠠᠯ ᠠᠴᠠ ᠪᠣᠰᠴᠤ ᠵᠣᠭᠰᠣᠨ ᠢᠳᠡᠷᠡᠭᠦᠨ ᠠᠯᠬᠤᠭ᠎ᠠ ᠪᠠᠷ ᠲᠠᠩᠭᠠᠷᠢᠭᠯᠠᠬᠤ ᠲᠠᠶᠢᠰᠠᠨ ᠤ ᠡᠮᠦᠨ᠎ᠡ ᠣᠴᠢᠵᠤ ᠵᠣᠭᠰᠣᠪᠠ ᠃

      ᠲᠡᠷᠢᠭᠦᠯᠡᠭᠴᠢ ᠶᠢᠨ ᠲᠠᠶᠢᠰᠠᠨ ᠤ ᠠᠷᠤ ᠬᠥᠰᠢᠭᠡ ᠶᠢᠨ ᠲᠥᠪ ᠳᠤᠮᠳᠠ ᠂ ᠤᠯᠤᠰ ᠤᠨ ᠰᠦᠯᠳᠡ ᠥᠨᠳᠥᠷ ᠲᠤ ᠡᠯᠭᠦᠭᠳᠡᠨ ᠭᠢᠯᠪᠠᠭ᠎ᠠ ᠰᠠᠴᠤᠷᠠᠭᠤᠯᠤᠨ᠎ᠠ ᠃ ᠲᠤᠬᠠᠢ ᠶᠢᠨ ᠲᠠᠯᠠᠪᠠᠶ ᠳᠠᠬᠢ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢ ᠬᠠᠮᠲᠤ ᠪᠠᠷ ᠡᠨᠡ ᠬᠦ ᠠᠷᠢᠭᠤᠨ ᠳᠠᠷᠬᠠᠨ ᠴᠠᠭ ᠮᠥᠴᠡ ᠶᠢ ᠭᠡᠷᠡᠴᠢᠯᠡᠪᠡ ᠃

      ᠰᠢ ᠶᠢᠨ ᠫᠢᠩ ᠵᠡᠭᠦᠨ ᠭᠠᠷ ᠢᠶᠠᠨ ᠦᠨᠳᠦᠰᠦᠨ ᠬᠠᠤᠯᠢ ᠶᠢᠨ ᠪᠢᠴᠢᠭ ᠳᠡᠭᠡᠷ᠎ᠡ ᠲᠠᠯᠪᠢᠵᠤ ᠂ ᠪᠠᠷᠠᠭᠤᠨ ᠭᠠᠷ ᠢᠶᠠᠨ ᠨᠢᠳᠤᠷᠭᠠᠯᠠᠨ ᠡᠷᠭᠦᠵᠦ ᠂ ᠲᠥᠪ ᠶᠡᠬᠡᠮᠰᠦᠭ ᠢᠶᠠᠷ ᠲᠠᠩᠭᠠᠷᠢᠭᠯᠠᠪᠠ ᠃

      ︽ᠪᠢ ᠲᠠᠩᠭᠠᠷᠢᠭᠯᠠᠶ᠎ᠠ ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ ᠂ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠡᠬᠡ ᠤᠯᠤᠰ ᠲᠠᠭᠠᠨ ᠦᠨᠡᠨᠴᠢ ᠰᠢᠳᠤᠷᠭᠤ ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠵᠤ ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠵᠦ ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ︕︾

      ᠴᠢᠩᠭ᠎ᠠ ᠬᠦᠴᠦᠲᠡᠢ ᠲᠠᠩᠭᠠᠷᠢᠭᠯᠠᠬᠤ ᠲᠠᠭᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠭᠤᠷᠢᠰᠤᠨ᠎ᠠ ᠃

      ᠲᠠᠩᠭᠠᠷᠢᠭᠯᠠᠵᠤ ᠳᠠᠭᠤᠰᠤᠭᠰᠠᠨ ᠤ ᠳᠠᠷᠠᠭ᠎ᠠ ᠂ ᠰᠢ ᠶᠢᠨ ᠫᠢᠩ ᠪᠦᠭᠦ ᠲᠠᠯᠠᠪᠠᠢ ᠵᠦᠭ ᠮᠡᠬᠦᠶᠢᠨ ᠶᠣᠰᠣᠯᠠᠪᠠ ᠃ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠤᠳᠠᠲᠠᠯ᠎ᠠ ᠨᠢᠵᠢᠭᠢᠨᠡᠵᠡᠢ ᠃

      ᠲᠠᠷᠠᠭ᠎ᠠ ᠨᠢ ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ ᠵᠢᠢ ᠂ ᠰᠢᠨ᠎ᠡ ᠪᠠᠷ ᠰᠣᠩᠭᠤᠭᠳᠠᠭᠰᠠᠨ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠲᠤᠰᠪᠦᠷᠢ ᠦᠨᠳᠦᠰᠦᠨ ᠬᠠᠤᠯᠢ ᠳᠤ ᠲᠠᠩᠭᠠᠷᠢᠭᠯᠠᠵᠤ ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠂ ᠨᠠᠷᠢᠨ ᠪᠢᠴᠢᠭ ᠤᠨ ᠳᠠᠷᠤᠭ᠎ᠠ ᠬᠠᠮᠲᠤ ᠳᠠᠭᠠᠨ ᠦᠨᠳᠦᠰᠦᠨ ᠬᠠᠤᠯᠢ ᠳᠤ ᠲᠠᠩᠭᠠᠷᠢᠭᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ