ᠥᠪᠥᠷ ᠮᠣᠩᠭᠤᠯ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠢᠬᠦ ᠤᠯᠤᠰ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢᠶᠠᠷ ᠲᠣᠭᠲᠠᠭᠠᠭᠳᠠᠪᠠ
ᠨᠡᠶᠢᠲᠡᠯᠡᠭᠰᠡᠨ ᠴᠠᠭ᠄
2023/3/17
      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠢᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠪᠠᠷ ᠪᠣᠶ᠂ ᠥᠪᠥᠷ ᠮᠣᠩᠭᠤᠯ ᠨᠢ ᠤᠯᠤᠰ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠭᠠᠵᠠᠷ ᠣᠷᠣᠨ ᠢᠶᠠᠷ ᠲᠣᠭᠲᠠᠭᠠᠭᠳᠠᠪᠠ ᠃      ᠣᠶᠢᠯᠠᠭᠠᠭᠰᠠᠨ ᠢᠶᠠᠷ᠂ ᠲᠤᠷᠰᠢᠯᠲᠠ ᠶᠢᠨ ᠴᠡᠭ ᠤᠨ ᠭᠠᠵᠠᠷ ᠣᠷᠣᠨ ᠨᠡᠶᠢᠲᠡ 6 ᠪᠠᠶᠢᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠢᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠭᠠᠵᠠᠷ ᠣᠷᠣᠨ ᠢᠶᠠᠷ ᠰᠣᠩᠭᠤᠭᠳᠠᠭᠰᠠᠨ ᠪᠤᠰᠤᠳ 5 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠪᠣᠯ ᠭᠢᠷᠢᠨ᠂ ᠵᠧᠵᠢᠶᠠᠩ᠂ ᠬᠤᠨᠠᠨ᠂ ᠴᠦᠩᠴᠢᠩ᠂ ᠰᠢᠨᠵᠢᠶᠠᠩ ᠪᠣᠯᠣᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠢᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠪᠣᠯ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠪᠣᠯᠣᠨ᠎ᠠ᠃ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠭᠤᠣᠯ ᠵᠣᠷᠢᠯᠭ᠎ᠠ ᠨᠢ ᠲᠠᠪᠤᠳᠤᠭᠠᠷ ᠤᠳᠠᠭᠠᠨ ᠤ ᠪᠦᠭᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠪᠣᠯᠣᠮᠵᠢᠲᠤ ᠴᠢᠨᠠᠷ ᠢ ᠰᠢᠯᠭᠠᠨ ᠪᠠᠶᠢᠴᠠᠭᠠᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠤᠨ ᠲᠤᠷᠰᠢᠯᠭ᠎ᠠ ᠶᠢ ᠬᠤᠷᠠᠮᠳᠤᠭᠤᠯᠤᠨ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ ᠃      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠢᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠲᠥᠰᠥᠯ ᠤᠨ ᠱᠠᠭᠠᠷᠳᠠᠯᠭ᠎ᠠ ᠶᠣᠰᠣᠭᠠᠷ ᠭᠦᠨᠵᠡᠭᠡᠢ ᠰᠤᠳᠤᠯᠬᠤ ᠂ ᠨᠠᠷᠢᠨ ᠨᠢᠮᠪᠠᠢ ᠵᠣᠬᠢᠶᠠᠨ ᠪᠠᠶᠢᠭᠤᠯᠬᠤ ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠬᠢᠨᠠᠮᠠᠭᠠᠢ ᠳ᠋ᠦᠩᠨᠡᠵᠦ ᠂ ᠡᠯ᠎ᠡ ᠵᠦᠢᠯ ᠤᠨ ᠲᠤᠷᠰᠢᠯᠲᠠ ᠶᠢᠨ ᠴᠡᠭ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠢ ᠥᠷᠨᠢᠭᠦᠯᠬᠦ ᠳᠤ ᠥᠪᠥᠷ ᠮᠣᠩᠭᠤᠯ ᠤᠨ ᠲᠤᠷᠰᠢᠯᠭ᠎ᠠ ᠪᠠᠨ ᠨᠡᠮᠡᠷᠢᠯᠡᠬᠦ ᠪᠣᠯᠣᠨ᠎ᠠ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ